ᠦᠵᠦᠮᠦᠴᠢᠨ ᠬᠤᠨᠢ ᠪᠠᠷ ᠢᠶᠠᠨ ᠠᠯᠳᠠᠷᠰᠢᠵᠤ ᠶᠠᠪᠤᠭ᠎ᠠ ᠮᠠᠯᠴᠢᠨ ᠵᠠᠮᠪᠠᠯᠳᠤᠷᠵᠢ
ᠨᠡᠶᠢᠲᠡᠯᠡᠭᠰᠡᠨ ᠴᠠᠭ᠄
2023/8/28
      ᠦᠵᠦᠮᠦᠴᠢᠨ ᠬᠤᠨᠢ ᠪᠣᠯ ᠰᠢᠯᠢ ᠶᠢᠨ ᠭᠤᠣᠯ ᠠᠶᠢᠮᠠᠭ ᠤᠨ ᠦᠵᠦᠮᠦᠴᠢᠨ ᠨᠤᠲᠤᠭ ᠲᠤ ᠦᠷᠡᠵᠢᠨ ᠲᠦᠯᠵᠢᠵᠦ᠂ ᠤᠳᠤᠮᠰᠢᠨ ᠲᠤᠭᠲᠠᠪᠤᠷᠢᠵᠢᠭᠰᠠ ᠮᠣᠩᠭᠤᠯ ᠬᠤᠨᠢᠨ ᠤ ᠰᠢᠯᠢᠳᠡᠭ ᠡᠭᠦᠯᠳᠡᠷ ᠪᠣᠯᠬᠤ ᠶᠤᠮ᠃ ᠤᠯᠣᠰ ᠤᠨ ᠬᠦᠳᠡᠭᠡ ᠠᠵᠤ ᠠᠬᠤᠢ ᠬᠦᠳᠡᠭᠡ ᠳᠤᠰᠬᠤᠨ ᠤ ᠶᠠᠮᠤᠨ ᠤ ᠨᠡᠶᠢᠲᠡᠯᠡᠭᠰᠡᠨ 2022 ᠣᠨ ᠤ ᠠᠷᠪᠠᠨ ᠶᠡᠭᠡ ᠮᠠᠯ ᠳᠡᠵᠢᠭᠡᠪᠦᠷᠢ ᠶᠢᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠵᠢᠭᠰᠠᠭᠠᠯᠲᠠ ᠳᠤ ᠰᠢᠯᠢ ᠶᠢᠨ ᠭᠤᠣᠯ ᠠᠶᠢᠮᠠᠭ ᠤᠨ ᠤᠷᠤᠨ ᠨᠤᠲᠤᠭ ᠤᠨ ᠰᠢᠯᠢᠳᠡᠭ ᠡᠭᠦᠯᠳᠡᠷ ᠪᠣᠯᠬᠤ ︽ᠦᠵᠦᠮᠦᠴᠢᠨ ᠬᠤᠨᠢ︾ ᠰᠤᠩᠭᠤᠭᠳᠠᠵᠤ᠂ ᠤᠯᠣᠰ ᠤᠨ ᠠᠷᠪᠠᠨ ᠶᠡᠭᠡ ᠰᠢᠯᠢᠳᠡᠭ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠢᠶᠠᠷ ᠪᠦᠷᠢᠳᠬᠡᠭᠳᠡᠪᠡ᠃      ᠰᠢᠯᠢᠳᠡᠭ ᠡᠭᠦᠯᠳᠡᠷ ᠤᠨ ᠦᠵᠦᠮᠦᠴᠢᠨ ᠬᠤᠨᠢ ᠭᠡᠵᠦ ᠶᠠᠷᠢᠬᠤ ᠳᠤ᠂ ᠵᠠᠯᠠᠭᠤ ᠮᠠᠯᠴᠢᠨ ᠵᠠᠮᠪᠠᠯᠳᠤᠷᠵᠢ ᠶᠢᠨ  ᠬᠢᠨ ᠢ ᠲᠤᠷᠠᠳᠬᠤ ᠶᠤᠰᠤᠳᠠᠢ᠃      ᠵᠠᠮᠪᠠᠯᠳᠤᠷᠵᠢ ᠶᠢᠨ ᠨᠤᠲᠤᠭ᠂ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠰᠠᠶᠢᠬᠤᠰᠤ ᠭᠠᠴᠠᠭ᠎ᠠ ᠪᠣᠯ ᠪᠦᠬᠦ ᠤᠷᠤᠨ ᠤ ᠦᠵᠦᠮᠦᠴᠢᠨ ᠬᠤᠨᠢᠨ ᠤ ︽ᠨᠢᠭᠡ ᠭᠠᠴᠠᠭ᠎ᠠ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠭᠠᠴᠠᠭ᠎ᠠ ᠮᠦᠨ᠃ ᠵᠠᠮᠪᠠᠯᠳᠤᠷᠵᠢ 2022 ᠣᠨ ᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠡᠷᠬᠢᠯᠡᠨ᠂ ᠦᠵᠦᠮᠦᠴᠢᠨ ᠬᠤᠨᠢ ᠰᠤᠩᠭᠤᠨ ᠪᠤᠶᠢᠵᠢᠭᠤᠯᠬᠤ ᠭᠤᠣᠯᠳᠠᠯᠭᠠᠲᠤ ᠡᠷᠦᠬᠡ ᠪᠠᠷ ᠰᠤᠩᠭᠤᠭᠳᠠᠨ᠂ ᠰᠠᠭᠤᠷᠢ ᠡᠬᠡ ᠮᠠᠯ ᠤᠨ ᠰᠦᠷᠦᠭ ᠰᠠᠶᠢᠨ ᠢᠶᠠᠷ ᠢᠶᠠᠨ ᠬᠤᠰᠢᠭᠤ  ᠨᠤᠳᠤᠭ ᠲᠤ ᠪᠠᠨ ᠠᠯᠳᠠᠷᠳᠠᠢ ᠪᠠᠶᠢᠳᠠᠭ᠃       ᠮᠠᠯ ᠰᠦᠷᠦᠭ ᠨᠢ ᠲᠠᠩᠰᠤᠭ ᠦᠷᠨᠢᠵᠤ᠂ ᠮᠠᠯᠴᠢᠨ ᠡᠵᠡᠨ ᠢᠶᠠᠨ ᠪᠠᠶᠠᠰᠬᠠᠨ᠎ᠠ᠃ ᠵᠠᠮᠪᠠᠯᠳᠤᠷᠵᠢ ᠶᠢᠨ ᠬᠢ ᠵᠢᠯ ᠳᠤ ᠪᠠᠨ ᠳᠦᠷᠪᠡᠨ ᠵᠠᠭᠤᠭᠠᠳ ᠦᠵᠦᠮᠦᠴᠢᠨ ᠬᠤᠨᠢ ᠤᠨᠳᠤᠷᠤᠭᠤᠯᠵᠤ᠂ ᠦᠩ ᠰᠢᠮᠡᠯᠡᠭ ᠡᠪᠡᠰᠦ ᠪᠡᠯᠴᠢᠭᠡᠷ ᠤᠨ ᠰᠢᠮ᠎ᠡ᠂ ᠬᠠᠰᠢᠷ ᠮᠠᠯᠵᠢᠯ ᠤᠨ ᠲᠤᠷᠰᠢᠯᠭ᠎ᠠ ᠪᠠᠷ ᠡᠬᠡ ᠮᠠᠯ ᠲᠠᠷᠭᠤ ᠰᠠᠶᠢᠲᠠᠢ ᠪᠠᠶᠢᠵᠤ᠂ ᠵᠢᠯ ᠪᠣᠯᠭᠠᠨ ᠲᠦᠯ ᠤᠨ ᠤᠨᠳᠤᠷᠤᠯᠲᠠ ᠵᠠᠭᠤᠨ ᠤ ᠵᠠᠭᠤ ᠳᠤ ᠬᠦᠷᠳᠡᠭ᠃ ᠡᠮᠦᠨ᠎ᠡ ᠵᠢᠯ ᠰᠤᠩᠭᠤᠨ ᠬᠤᠳᠠᠯᠳᠤᠬᠤ ᠳᠤ ᠪᠠᠨ᠂ ᠰᠢᠯᠢᠳᠡᠭ ᠬᠤᠴᠠ ᠬᠤᠷᠠᠭ᠎ᠠ ᠨᠢ 4 ᠮᠢᠩᠭ᠎ᠠ ᠭᠠᠷᠤᠢ ᠲᠦᠭᠦᠷᠢᠭ ᠬᠦᠷᠴᠦ᠂ ᠬᠤᠷᠠᠭ᠎ᠠ ᠨᠢ ᠳᠡᠭᠰᠢᠳᠬᠡᠭᠡᠳ ᠮᠢᠩᠭ᠎ᠠ ᠨᠠᠢᠮᠠᠨ ᠵᠠᠭᠤᠨ ᠲᠦᠭᠦᠷᠢᠭ ᠬᠦᠷᠴᠠᠢ᠃        ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠬᠤ ᠲᠤᠷᠰᠢᠯᠭ᠎ᠠ ᠶᠢ ᠨᠢ ᠣᠶᠢᠯᠠᠭᠠᠪᠠᠯ᠂ ᠦᠵᠦᠮᠦᠴᠢᠨ ᠬᠤᠨᠢᠨ ᠤ ᠣᠭ ᠡᠭᠦᠯᠳᠡᠷ ᠢ ᠠᠳᠬᠤᠵᠤ᠂ ᠬᠡᠪᠡᠯᠢ᠂ ᠦᠩᠭᠡ ᠵᠢᠰᠤᠮ᠂ ᠦᠰᠦ ᠨᠤᠤᠰᠤ᠂ ᠪᠡᠶ᠎ᠡ ᠪᠢᠯᠳᠠᠷ ᠵᠡᠷᠭᠡ ᠪᠠᠷᠢᠮᠵᠢᠶ᠎ᠡ ᠶᠢ ᠶᠡᠭᠡ ᠴᠢᠬᠤᠯᠠᠴᠢᠯᠠᠳᠠᠭ᠃ ᠲᠡᠷᠡᠪᠡᠷ᠂ 2020 ᠣᠨ ᠠᠴᠠ ᠡᠬᠢᠯᠡᠨ᠂ ᠡᠯ᠎ᠡ ᠠᠶᠢᠮᠠᠭ ᠬᠤᠰᠢᠭᠤᠨ ᠤ ᠰᠢᠯᠢᠳᠡᠭ ᠡᠭᠦᠯᠳᠡᠷ ᠤᠨ ᠮᠠᠯ ᠤᠨ ᠠᠳᠠᠯᠢᠳᠬᠠᠨ ᠰᠢᠯᠭᠠᠷᠠᠭᠤᠯᠤᠯᠲᠠ ᠳᠤ ᠥᠪᠡᠷ ᠤᠨ ᠦᠵᠦᠮᠦᠴᠢᠨ ᠬᠤᠨᠢ ᠪᠠᠨ ᠤᠯᠠᠨᠲᠠ ᠣᠷᠤᠯᠴᠠᠭᠤᠯᠵᠤ᠂ ᠤᠷᠤᠯᠴᠠᠭᠰᠠᠨ ᠯᠡ ᠪᠣᠯ ᠭᠠᠨᠵᠤᠭ᠎ᠠ ᠳᠦᠭᠦᠷᠡᠩ ᠱᠠᠩᠨᠠᠯ ᠲᠠᠢ ᠪᠤᠴᠠᠳᠠᠭ᠃              ᠰᠢᠯᠢ ᠶᠢᠨ ᠭᠤᠣᠯ ᠠᠶᠢᠮᠠᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠲᠠ ᠶᠢᠨ ᠦᠵᠦᠮᠦᠴᠢᠨ ᠰᠢᠳᠦᠯᠡᠩ ᠡᠮ᠎ᠡ ᠬᠤᠨᠢᠨ ᠤ ᠳᠡᠳ᠋ ᠱᠠᠩᠨᠠᠯ᠂ 2020 ᠣᠨ ᠤ ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠠᠯ ᠤᠨ ᠠᠳᠠᠯᠢᠳᠬᠠᠯ ᠤᠨ ᠦᠵᠦᠮᠦᠴᠢᠨ ᠰᠢᠳᠦᠯᠡᠩ ᠬᠤᠴᠠ ᠶᠢᠨ ᠳᠡᠳ᠋ ᠱᠠᠩᠨᠠᠯ᠂ 2021ᠣᠨ ᠤ ᠰᠢᠯᠢ ᠶᠢᠨ ᠭᠤᠣᠯ ᠤᠨ ᠦᠵᠦᠮᠦᠴᠢᠨ ᠪᠦᠳᠦᠭᠦᠨ ᠰᠡᠭᠦᠯᠲᠦ ᠬᠤᠨᠢᠨ ᠤ ︽ᠰᠤᠤᠲᠤ ᠮᠠᠯᠴᠢᠨ︾ ᠬᠤᠯᠪᠤᠭᠠᠨ ᠠᠴᠠ ᠡᠷᠬᠢᠯᠡᠨ ᠶᠠᠪᠤᠭᠳᠠᠭᠤᠯᠤᠭᠰᠠᠨ ᠠᠩᠬᠠᠳᠤᠭᠠᠷ ᠤᠳᠠᠭᠠᠨ ᠤ ︽ᠲᠠᠷᠭᠤᠨ ᠰᠦᠷᠦᠭ ᠤᠨ ᠡᠵᠡᠨ ᠬᠠᠮᠢᠭ᠎ᠠ ᠪᠠᠶᠢᠭ᠎ᠠ ᠪᠣᠯ︾ ᠰᠢᠷᠢᠰ ᠠᠶᠠᠯᠠᠯ ᠳᠤ ᠶᠢᠰᠤᠨ ᠡᠬᠡ ᠮᠠᠯ ᠤᠷᠤᠯᠴᠠᠭᠤᠯᠤᠭᠠᠳ ᠶᠢᠰᠦᠭᠦᠯᠡ ᠪᠠᠨ ᠱᠠᠩᠨᠠᠯ ᠣᠯᠵᠤ᠂ ᠠᠶᠠᠯᠠᠯ ᠳᠤ ᠴᠤᠭᠯᠠᠷᠠᠭᠰᠠᠨ ᠪᠦᠬᠦᠨ ᠤ ᠮᠠᠭᠳᠠᠭᠠᠯ ᠰᠠᠶᠢᠰᠢᠶᠠᠯ ᠢ ᠤᠯᠤᠭᠰᠠᠨ ᠢᠶᠠᠷ ᠪᠠᠷᠠᠬᠤ ᠦᠭᠡᠢ᠂ 2022ᠣᠨ ᠤ ᠳᠦᠷᠪᠡᠳᠦᠭᠡᠷ ᠤᠳᠠᠭᠠᠨ ᠤ ︽ᠰᠤᠤᠲᠤ ᠮᠠᠯᠴᠢᠨ︾ ᠬᠤᠯᠪᠤᠭᠠᠨ ᠤ ᠦᠵᠦᠮᠦᠴᠢᠨ ᠬᠤᠨᠢᠨ ᠤ ᠠᠳᠠᠯᠢᠳᠬᠠᠯ ᠳᠤ ᠬᠤᠷᠠᠭᠠᠨ ᠬᠤᠴᠠᠨ ᠤ ᠨᠢᠭᠡᠳᠦᠭᠡᠷ ᠳᠡᠰ ᠲᠤ ᠳᠣᠲᠣᠷᠠᠭᠰᠠᠨ ᠪᠠᠶᠢᠨ᠎ᠠ᠃ ᠡᠨᠡ ᠵᠢᠯ ᠤᠨ 6 ᠰᠠᠷ᠎ᠠ ᠳᠤ ᠶᠠᠪᠤᠭᠳᠠᠭᠰᠠᠨ ︽ᠰᠣᠳᠤᠨ︾ ᠮᠢᠬᠠᠨ ᠤ ᠦᠬᠡᠷ ᠤᠨ ᠳᠡᠯᠭᠡᠭᠦᠷ ᠤᠨ ᠠᠩᠬᠠᠳᠤᠭᠠᠷ ᠮᠠᠯ ᠤᠨ ᠠᠳᠠᠯᠢᠳᠬᠠᠯ ᠳᠤ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠰᠤᠤᠲᠤ ᠮᠠᠯᠴᠢᠨ ᠰᠢᠯᠢᠳᠡᠭ ᠡᠭᠦᠯᠳᠡᠷ ᠤᠨ ᠮᠠᠯ ᠢᠶᠠᠷ ᠢᠶᠠᠨ ᠠᠯᠳᠠᠷ ᠨᠡᠷ᠎ᠡ ᠪᠠᠨ ᠳᠠᠭᠤᠷᠢᠰᠬᠠᠵᠤ ᠢᠷᠡᠵᠠᠢ᠃      ᠵᠠᠮᠪᠠᠯᠳᠤᠷᠵᠢ ᠶᠢᠨ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠬᠤ ᠮᠠᠯᠵᠢᠯ ᠤᠨ ᠠᠷᠭ᠎ᠠ ᠬᠡᠯᠪᠡᠷᠢ ᠨᠢ ᠦᠵᠦᠮᠦᠴᠢᠨ ᠬᠤᠨᠢᠨ ᠤ ᠰᠢᠯᠢᠳᠡᠭ ᠴᠡᠪᠡᠷ ᠡᠭᠦᠯᠳᠡᠷ ᠢ ᠬᠠᠮᠠᠭᠠᠯᠠᠨ᠂ ︽ᠦᠵᠦᠮᠦᠴᠢᠨ ᠬᠤᠨᠢᠨ ᠤ ᠲᠠᠸᠠᠷ ᠤᠨ ᠨᠡᠷᠡᠲᠦ ᠲᠡᠮᠳᠡᠭ︾ ᠢ ᠤᠯᠠᠮ ᠨᠢᠭᠡ ᠠᠯᠬᠤᠮ ᠠᠯᠲᠠᠷᠰᠢᠭᠤᠯᠵᠤ᠂ ᠵᠠᠬ᠎ᠠ ᠳᠡᠯᠭᠡᠭᠦᠷ ᠤᠨ ᠬᠦᠭᠵᠢᠯᠲᠡ ᠶᠢᠨ ᠬᠠᠨᠳᠤᠰᠢ  ᠲᠠᠢ ᠵᠣᠬᠢᠴᠠᠭᠤᠯᠤᠨ ᠮᠢᠬᠠᠨ ᠤ ᠭᠠᠷᠤᠯᠲᠠ ᠶᠢ ᠨᠡᠮᠡᠭᠳᠡᠭᠦᠯᠦᠨ᠂ ᠤᠷᠤᠨ ᠨᠤᠲᠤᠭ ᠤᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号