ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠳᠡᠨ ᠤ ᠪᠡᠶ᠎ᠡ ᠶᠢᠨ ᠲᠠᠮᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠶᠢᠨ ᠲᠥᠯᠦᠭᠡ᠂ 8 ᠰᠠᠷ᠎ᠠ ᠶᠢᠨ 9 ᠤ ᠡᠳᠦᠷ᠂ ᠵᠡᠭᠦᠨ ᠦᠵᠦᠮᠦᠴᠢᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠩᠬᠠᠳᠤᠭᠠᠷ ᠬᠤᠭᠤᠴᠠᠭᠠᠨ ᠤ ᠴᠠᠭᠲᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠠᠮᠵᠢᠯᠳᠠᠳᠠᠢ ᠶᠠᠪᠤᠭᠳᠠᠪᠠ᠃ ᠲᠡᠳ᠋ ᠬᠤᠰᠢᠭᠤ ᠲᠠᠷᠤᠭ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠺᠧ ᠰᠢᠶᠣᠣ ᠮᠢᠩ ᠪᠠᠶᠠᠷ ᠤᠨ ᠦᠭᠡ ᠬᠡᠯᠡᠭᠰᠡᠨ ᠪᠥᠭᠡᠳ ᠲᠠᠮᠢᠷ ᠤᠨ ᠴᠤᠭᠯᠠᠭᠠᠨ | ᠡᠬᠢᠯᠡᠭᠰᠡᠨ ᠢ ᠵᠠᠷᠯᠠᠪᠠ᠃ | ᠦᠳᠡ ᠶᠢᠨ ᠡᠮᠦᠨᠡᠬᠢ 9 ᠴᠠᠭ ᠲᠤ᠂ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ᠂ ᠣᠨᠴᠠ | ᠴᠠᠭᠳᠠᠭᠠᠨ ᠤ ᠵᠢᠭᠰᠠᠭᠠᠯ ᠤᠨ ᠡᠩᠨᠡᠭᠡ᠂ ᠵᠠᠮ ᠬᠠᠷᠢᠯᠴᠠᠭᠠᠨ ᠤ ᠴᠠᠭᠳᠠᠭᠠᠨ ᠤ ᠵᠢᠭᠰᠠᠭᠠᠯ ᠤᠨ ᠡᠩᠨᠡᠭᠡ᠂ | ᠶᠡᠷᠦᠩᠬᠡᠶᠢᠯᠡᠭᠰᠡᠨ ᠵᠢᠭᠰᠠᠭᠠᠯ ᠤᠨ ᠡᠩᠨᠡᠭᠡ ᠵᠡᠷᠭᠡ ᠡᠯ᠎ᠡ ᠵᠢᠭᠰᠠᠭᠠᠯ ᠤᠨ ᠡᠩᠨᠡᠭᠡ ᠢᠳᠡᠷᠡᠭᠦᠨ ᠠᠯᠬᠤᠭ᠎ᠠ ᠪᠠᠷ ᠴᠡᠭᠡᠵᠢ | ᠲᠦᠷᠢᠨ ᠤᠷᠤᠭᠰᠢᠯᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ | ᠬᠡᠷᠡᠭᠵᠢᠭᠦᠯᠬᠦ ᠳᠡᠭᠡᠨ ᠲᠥᠪ ᠭᠤᠣᠯᠴᠢ᠂ ᠰᠠᠬᠢᠯᠭ᠎ᠠ ᠪᠠᠲᠤ ᠴᠢᠩᠭ᠎ᠠ ᠪᠠᠶᠢᠬᠤ ᠤᠷᠢᠶ᠎ᠠ ᠶᠢ ᠴᠤᠤᠷᠢᠶᠠᠳᠤᠭᠤᠯᠪᠠ᠃ | ᠲᠤᠭ ᠬᠠᠮᠠᠭᠠᠯᠠᠭᠴᠢᠳ ᠴᠡᠭᠡᠵᠢ ᠲᠡᠨᠢᠢᠨ᠂ ᠴᠤᠭ ᠵᠢᠪᠬᠤᠭ᠎ᠠ ᠲᠡᠭᠦᠯᠳᠡᠷ ᠢᠶᠠᠷ ᠤᠯᠤᠰ ᠤᠨ ᠲᠤᠭ ᠮᠠᠨᠳᠤᠭᠤᠯᠵᠤ᠂ | ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠂ ᠳᠠᠷᠠᠭ᠎ᠠ ᠨᠢ ᠴᠠᠭᠳᠠᠭᠠᠨ ᠤ ᠲᠤᠭ ᠢ ᠮᠠᠨᠳᠤᠭᠤᠯᠵᠤ᠂ | ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ ᠶᠢ ᠬᠥᠭᠵᠢᠮᠳᠡᠨ ᠳᠠᠭᠤᠯᠠᠪᠠ᠃ | ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠳᠤ ᠥᠪᠥᠷ ᠮᠣᠩᠭᠤᠯ ᠤᠨ | ᠤᠷᠠᠯᠢᠭ ᠵᠦᠴᠦᠭᠡ ᠶᠢᠨ ᠬᠦᠷᠢᠶᠡᠯᠡᠩ ᠤᠨ ᠮᠣᠩᠭᠤᠯ ᠵᠦᠴᠦᠭᠡ ᠶᠢᠨ ᠤᠷᠠᠯᠢᠭ ᠤᠨ ᠪᠦᠯᠬᠦᠮ᠂ ᠬᠤᠰᠢᠭᠤᠨ ᠤ | ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠲᠣᠭᠯᠠᠭᠴᠢᠳ ᠳᠠᠭᠤᠤ ᠡᠷᠭᠦᠵᠦ᠂ ᠬᠦᠭᠡᠮᠡᠢ ᠶᠢᠨ ᠨᠠᠶᠢᠷᠠᠯ ᠳᠠᠭᠤᠤ᠂ | ᠼᠢᠷᠺ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠦ᠂ ᠵᠡᠭᠦᠨ ᠦᠵᠦᠮᠦᠴᠢᠨ ᠬᠤᠰᠢᠭᠤᠨ ᠤ ᠣᠨᠴᠠ | ᠴᠠᠭᠳᠠᠭ᠎ᠠ ᠶᠢᠨ ᠶᠡᠭᠡ ᠠᠩᠭᠢ ᠶᠢᠨ ᠬᠢᠨ ᠴᠠᠭᠳᠠᠭᠠᠨ ᠤ ᠵᠡᠪᠰᠡᠭ ᠤᠨ ᠪᠠᠶᠢᠯᠳᠤᠬᠤ ᠠᠷᠭ᠎ᠠ ᠶᠢᠨ ᠲᠣᠭᠯᠠᠯᠲᠠ | ᠭᠠᠷᠭᠠᠵᠦ᠂ ᠣᠯᠠᠨ ᠤ ᠤᠷᠮ᠎ᠠ ᠶᠢ ᠬᠦᠭᠵᠢᠭᠡᠵᠡᠢ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠴᠡᠷᠢᠭ ᠤᠨ ᠶᠡᠭᠡ ᠪᠣᠯᠪᠠᠰᠤᠷᠠᠯ ᠢᠶᠠᠷ ᠭᠤᠣᠯ | ᠰᠢᠵᠢᠮ ᠪᠣᠯᠭᠠᠵᠤ᠂ ᠪᠥᠬᠦ ᠴᠠᠭᠳᠠᠭ᠎ᠠ ᠴᠥᠮᠣᠷᠣᠯᠴᠠᠵᠤ᠂ ᠡᠷᠬᠡ ᠲᠡᠭᠰᠢ ᠪᠠᠷ ᠥᠷᠢᠰᠦᠯᠳᠦᠨ᠂ ᠬᠦᠨᠳᠦ ᠬᠥᠩᠭᠡᠨ | ᠪᠡᠶ᠎ᠡ ᠶᠢᠨ ᠲᠠᠮᠢᠷ᠂ ᠳᠡᠭᠡᠰᠦ ᠲᠠᠲᠠᠬᠤ᠂ ᠨᠢᠰᠦᠭᠡ ᠲᠠᠪᠠᠭ᠂ ᠪᠥᠮᠪᠦᠭᠡ ᠶᠢᠨ ᠲᠥᠷᠥᠯ᠂ ᠰᠢᠲᠠᠷ᠎ᠠ ᠶᠢᠨ ᠲᠥᠷᠦᠯ | ᠵᠡᠷᠭᠡ 17 ᠲᠥᠷᠥᠯ ᠤᠨ ᠤᠷᠤᠯᠳᠤᠭᠠᠨ ᠢ ᠲᠣᠬᠢᠷᠠᠭᠤᠯᠪᠠ᠃ ᠤᠷᠤᠯᠳᠤᠭᠠᠨ ᠤ ᠲᠠᠯᠠᠪᠠᠢ ᠳᠤ᠂ ᠲᠠᠮᠢᠷᠴᠢᠳ ᠤᠨ | ᠰᠢᠷᠭᠠᠭᠤ ᠲᠡᠮᠡᠴᠡᠵᠦ᠂ ᠪᠦᠯᠬᠦᠮᠳᠡᠨ ᠬᠠᠮᠵᠢᠯᠴᠠᠬᠤ ︽ᠴᠤᠭ ᠵᠢᠪᠬᠤᠭ᠎ᠠ︾ ᠨᠢ ᠰᠢᠨ᠎ᠡ ᠴᠠᠭ ᠦᠶ᠎ᠡ ᠶᠢᠨ ᠵᠡᠭᠦᠨ | ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠰᠠᠶᠢᠨ ᠰᠠᠶᠢᠬᠠᠨ ᠤᠶᠤᠨ | ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠠᠢ᠃ | ᠠᠩᠬᠠᠳᠤᠭᠠᠷ ᠬᠤᠭᠤᠴᠠᠭᠠᠨ ᠤ ᠴᠠᠭᠲᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤᠷᠤᠭᠰᠢᠲᠠᠢ | ᠶᠠᠪᠤᠭᠳᠠᠭᠰᠠᠨ ᠨᠢ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠷᠭᠠᠭᠤ | ᠬᠠᠲᠠᠭᠤᠵᠢᠯᠲᠠᠢ ᠲᠡᠮᠡᠴᠡᠬᠦ᠂ ᠥᠨᠳᠥᠷ ᠤᠷᠬᠢᠯ ᠳᠤ ᠡᠷᠡᠯᠬᠡᠭᠯᠡᠨ ᠤᠷᠤᠭᠰᠢᠯᠠᠬᠤ᠂ ᠭᠠᠷᠮᠠᠭᠠᠢ ᠠᠮᠵᠢᠯᠲᠠ ᠶᠢ | ᠬᠥᠭᠡᠭᠡᠴᠡᠯᠳᠦᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠥᠭᠡᠳᠡᠯᠡᠨ ᠲᠠᠪᠰᠢᠬᠤ ᠪᠠᠷ | ᠬᠦᠴᠦᠯᠡᠨ ᠴᠢᠷᠮᠠᠶᠢᠬᠤ ᠵᠠᠯᠠᠭᠤ ᠨᠠᠰᠤᠨ ᠤ ᠴᠤᠭ ᠵᠢᠪᠬᠤᠭ᠎ᠠ ᠶᠢ ᠬᠠᠷᠠᠭᠤᠯᠵᠠᠢ᠃ |