ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠮᠠᠯ ᠤᠨ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠶᠢᠷᠢᠯᠠᠭᠤᠯᠤᠯᠲᠠ ᠶᠢ ᠭᠦᠨᠵᠡᠭᠡᠢ ᠳᠤᠤᠭᠤᠰᠢᠯᠠᠭᠤᠯᠵᠤ᠂ ᠰᠠᠶᠢᠨ ᠡᠭᠦᠯᠳᠡᠷ ᠤᠨ ᠮᠠᠯ ᠰᠦᠷᠦᠭ ᠢ | ᠥᠷᠭᠡᠳᠬᠡᠨ ᠦᠷᠡᠵᠢᠭᠦᠯᠬᠦ ᠶᠢ ᠲᠦᠷᠭᠡᠳᠬᠡᠵᠦ᠂ ᠦᠷ᠎ᠡ ᠶᠢᠨ ᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠤᠳᠤ ᠦᠶ᠎ᠡ ᠶᠢᠨ ᠮᠠᠯ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠦᠯᠦᠭᠡ᠂ 8 ᠰᠠᠷ᠎ᠠ ᠶᠢᠨ 8 ᠤ ᠡᠳᠦᠷ᠂ | ᠭᠠᠬᠢᠯ ᠰᠤᠮᠤ ᠠᠩᠬᠠᠳᠤᠭᠠᠷ ᠬᠤᠭᠤᠴᠠᠭᠠᠨ ᠤ ︽ᠥᠯᠵᠡᠶᠢᠲᠦ ᠲᠠᠯ᠎ᠠ ᠨᠤᠲᠤᠭ ᠬᠤᠨᠳᠠᠭᠠᠲᠤ︾ ᠦᠵᠦᠮᠦᠴᠢᠨ | ᠬᠤᠨᠢᠨ ᠤ ᠠᠳᠠᠯᠢᠳᠬᠠᠯ ᠤᠨ ᠤᠷᠤᠯᠳᠤᠭᠠᠨ ᠡᠷᠬᠢᠯᠡᠨ ᠶᠠᠪᠤᠭᠳᠠᠭᠤᠯᠪᠠ᠃ | ᠲᠤᠰ ᠤᠳᠠᠭᠠᠨ ᠤ ᠤᠷᠤᠯᠳᠤᠭᠠᠨ ᠢ ᠭᠠᠬᠢᠯ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠭᠤᠣᠯᠯᠠᠨ ᠡᠷᠬᠢᠯᠡᠵᠦ᠂ ᠭᠠᠬᠢᠯ ᠰᠤᠮᠤᠨ ᠤ ᠡᠷᠢᠶᠡᠨᠪᠤᠯᠠᠭ ᠭᠠᠴᠠᠭ᠎ᠠ ᠠᠴᠠ ᠳᠠᠭᠠᠭᠠᠴᠢᠯᠠᠨ ᠡᠷᠭᠢᠯᠡᠵᠦ᠂ ᠵᠡᠭᠦᠨ | ᠦᠵᠦᠮᠦᠴᠢᠨ ᠬᠤᠰᠢᠭᠤᠨ ᠤ ᠥᠯᠵᠡᠶᠢᠲᠦ ᠲᠠᠯ᠎ᠠ ᠨᠤᠲᠤᠭ ᠢᠳᠡᠭᠡᠨ ᠤ ᠬᠢᠵᠠᠭᠠᠷᠲᠤ ᠺᠣᠮᠫᠠᠨᠢ ᠠᠴᠠ ᠬᠠᠮᠵᠢᠯᠴᠠᠨ | ᠡᠷᠬᠢᠯᠡᠵᠦ᠂ ᠣᠷᠣᠨ ᠤ ᠳᠣᠲᠤᠨ᠎ᠠ ᠭᠠᠳᠠᠨ᠎ᠠ ᠶᠢᠨ ᠨᠡᠶᠢᠲᠡ 14 ᠤᠯᠠᠭᠠᠨ ᠢᠳᠡᠭᠡᠨ ᠡᠳ᠋ᠰᠢᠭᠦᠯᠬᠦ᠂ ᠬᠡᠯᠬᠢᠶᠡᠯᠡᠨ | ᠡᠵᠡᠩᠨᠡᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠤᠨ ᠬᠠᠮᠢᠶ ᠪᠦᠬᠦᠢ | ᠬᠠᠷᠢᠭᠤᠴᠠᠯᠭᠠᠲᠠᠨ ᠠᠳᠠᠯᠢᠳᠬᠠᠯ ᠤᠨ ᠲᠤᠬᠠᠢ ᠶᠢᠨ ᠲᠠᠯᠠᠪᠤᠷ ᠲᠤ ᠬᠦᠷᠴᠦ ᠲᠣᠭᠤᠷᠢᠨ ᠦᠵᠡᠭᠰᠡᠨ ᠪᠥᠭᠡᠳ ᠵᠡᠭᠦᠨ | ᠦᠵᠦᠮᠦᠴᠢᠨ ᠬᠤᠰᠢᠭᠤᠨ ᠤ ᠥᠯᠵᠡᠶᠢᠲᠦ ᠲᠠᠯ᠎ᠠ ᠨᠤᠲᠤᠭ ᠤᠨ ᠢᠳᠡᠭᠡᠨ ᠤ ᠬᠢᠵᠠᠭᠠᠷᠲᠤ ᠺᠣᠮᠫᠠᠨᠢ ᠲᠠᠢ ᠨᠡᠶᠢᠲᠡ | 440 ᠲᠣᠨ ᠬᠤᠨᠢᠨ ᠮᠢᠬ᠎ᠠ ᠬᠤᠳᠠᠯᠳᠤᠨ ᠠᠪᠬᠤ ᠰᠠᠨᠠᠮᠵᠢ ᠬᠡᠯᠡᠯᠴᠡᠭᠡᠷ ᠲᠣᠭᠲᠠᠪᠠ᠃ | ᠲᠣᠰ ᠤᠳᠠᠭᠠᠨ ᠤ ᠰᠢᠯᠭᠠᠷᠠᠭᠤᠯᠤᠯᠲᠠ ᠳᠤ ᠬᠠᠷᠢᠶ᠎ᠠ 6 ᠭᠠᠴᠠᠭᠠᠨ ᠤ ᠮᠠᠯᠴᠢᠳ ᠤᠨ ᠴᠡᠪᠡᠷ ᠡᠭᠦᠯᠳᠡᠷ ᠤᠨ | 18 ᠦᠵᠦᠮᠦᠴᠢᠨ ᠬᠤᠨᠢ ᠶᠢ ᠣᠷᠤᠯᠴᠠᠭᠤᠯᠵᠤ᠂ ᠪᠦᠳᠦᠭᠦᠨ ᠬᠤᠴᠠ᠂ ᠡᠮ᠎ᠡ ᠬᠤᠨᠢ᠂ ᠲᠥᠯᠦᠭᠡᠨ ᠬᠤᠴᠠ᠂ | ᠥᠬᠢᠨ ᠲᠥᠯᠦᠭᠡ᠂ ᠬᠤᠷᠠᠭᠠᠨ ᠬᠤᠴᠠ᠂ ᠥᠬᠢᠨ ᠬᠤᠷᠠᠭ᠎ᠠ ᠵᠡᠷᠭᠡ 6 ᠲᠥᠷᠥᠯ ᠢᠶᠠᠷ ᠠᠳᠠᠯᠢᠳᠬᠠᠨ | ᠰᠢᠯᠭᠠᠷᠠᠭᠤᠯᠵᠤ᠂ ᠡᠭᠦᠯᠳᠡᠷ ᠤᠨ ᠣᠨᠴᠠᠯᠢᠭ᠂ ᠪᠡᠶ᠎ᠡ ᠶᠢᠨ ᠬᠡᠯᠪᠡᠷᠢ ᠳᠦᠷᠰᠦ᠂ ᠪᠡᠶ᠎ᠡ ᠶᠢᠨ ᠬᠦᠨᠳᠦ᠂ ᠦᠷᠡᠵᠢᠯ ᠤᠨ | ᠴᠢᠳᠠᠮᠵᠢ ᠵᠡᠷᠭᠡ ᠲᠠᠯ᠎ᠠ ᠠᠴᠠ ᠨᠢ ᠦᠨᠡᠯᠡᠨ ᠲᠣᠭᠲᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠶᠡᠷᠥᠩᠬᠡᠶᠢᠯᠡᠨ | ᠬᠤᠪᠢ ᠤᠯᠭᠤᠨ᠂ ᠲᠥᠷᠥᠯ ᠪᠦᠷᠢ ᠠᠴᠠ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ | ᠭᠤᠷᠪᠠᠳᠤᠭᠠᠷ ᠳᠡᠰ ᠤᠨ ᠱᠠᠩᠨᠠᠯ᠂ ᠳᠥᠷᠪᠡᠳᠦᠭᠡᠷ ᠳᠡᠰ ᠤᠨ ᠱᠠᠩᠨᠠᠯ ᠲᠣᠰ ᠲᠣᠰ ᠨᠢᠭᠡ ᠨᠡᠷ᠎ᠡ ᠲᠤᠳᠤᠷᠠᠭᠤᠯᠤᠨ | ᠱᠠᠩᠨᠠᠵᠠᠢ᠃ | ᠲᠤᠰ ᠤᠳᠠᠭᠠᠨ ᠤ ᠦᠵᠦᠮᠦᠴᠢᠨ ᠬᠤᠨᠢᠨ ᠤ ᠠᠳᠠᠯᠢᠳᠬᠠᠨ ᠰᠢᠯᠭᠠᠷᠠᠭᠤᠯᠤᠯᠲᠠ ᠪᠠᠷ ᠳᠡᠮᠵᠢᠨ᠂ ᠪᠦᠬᠦ | ᠰᠤᠮᠤᠨ ᠤ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠮᠠᠯᠴᠢᠳ ᠤᠨ | ᠰᠠᠶᠢᠨ ᠡᠭᠦᠯᠳᠡᠷ ᠤᠨ ᠮᠠᠯ ᠮᠠᠯᠵᠢᠬᠤ ᠢᠳᠡᠪᠬᠢᠵᠢᠯ ᠢ ᠳᠠᠶᠢᠴᠢᠯᠠᠨ᠂ ᠮᠠᠯᠴᠢᠳ ᠤᠨ ᠰᠠᠶᠢᠨ ᠡᠭᠦᠯᠳᠡᠷ ᠤᠨ ᠮᠠᠯ | ᠪᠣᠶᠢᠵᠢᠭᠤᠯᠤᠨ ᠠᠷᠠᠯᠵᠢᠶᠠᠯᠠᠬᠤ ᠣᠶᠢᠯᠠᠭᠠᠭᠳᠠᠬᠤᠨ ᠢ ᠳᠡᠭᠡᠭᠰᠢᠯᠡᠭᠦᠯᠦᠭᠰᠡᠨ ᠪᠠᠷ ᠪᠠᠷᠠᠬᠤ ᠦᠭᠡᠢ᠂ ᠪᠠᠰᠠ ᠮᠠᠯᠵᠢᠬᠤ | ᠡᠷᠦᠬᠡ ᠶᠢᠨ ᠬᠤᠭᠤᠷᠣᠨᠳᠣᠬᠢ᠂ ᠠᠵᠤ ᠠᠬᠤᠶᠢᠯᠠᠯ ᠤᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠵᠤ᠂ ᠣᠷᠣᠨ ᠤ | ᠳᠣᠲᠤᠨ᠎ᠠ ᠭᠠᠳᠠᠨᠠᠬᠢ ᠰᠠᠶᠢᠨ ᠡᠭᠦᠯᠳᠡᠷ ᠤᠨ ᠮᠠᠯ᠂ ᠮᠢᠬᠠᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠨᠡᠭᠡᠭᠡᠨ | ᠥᠷᠭᠡᠳᠬᠡᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠠᠰᠢᠭ ᠪᠠ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠬᠢᠭᠤᠯᠬᠤ ᠦᠢᠯᠡᠳᠦᠯ | ᠦᠵᠡᠭᠦᠯᠦᠭᠰᠡᠨ ᠪᠠᠶᠢᠨ᠎ᠠ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠪᠠᠰᠠ ᠮᠣᠷᠢ ᠤᠷᠤᠯᠳᠤᠬᠤ᠂ ᠪᠥᠬᠡ ᠪᠠᠷᠢᠯᠳᠤᠬᠤ ᠵᠡᠷᠭᠡ | ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠠᠵᠢᠯᠯᠠᠭ᠎ᠠ ᠥᠷᠨᠢᠭᠦᠯᠵᠡᠢ᠃ |