ᠮᠠᠨ ᠤ ᠬᠤᠰᠢᠭᠤᠨ ᠤ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ ᠰᠠᠶᠢᠨ ᠳᠤᠷᠠᠴᠤᠤᠯ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/30
      8 ᠰᠠᠷ᠎ᠠ ᠶᠢᠨ 11 ᠤ ᠡᠳᠦᠷ᠂ ᠮᠠᠨ ᠤ ᠬᠤᠰᠢᠭᠤᠨ ᠤ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ ᠰᠠᠶᠢᠨ ᠳᠤᠷᠠᠴᠤᠤᠯ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯᠪᠠᠰᠤᠷᠠᠯ ᠰᠦᠨᠪᠤᠯᠠᠭ ᠨᠡᠶᠢᠭᠡᠮ ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃      ᠮᠠᠨ ᠤ ᠬᠤᠰᠢᠭᠤᠨ ᠤ ᠮᠣᠷᠢᠲᠤ ᠴᠡᠷᠢᠭ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ ᠰᠠᠶᠢᠨ ᠳᠤᠷᠠᠴᠤᠤᠯ ᠤᠨ ᠨᠡᠶᠢᠭᠡᠮᠯᠢᠭ ᠤᠨ ᠭᠡᠰᠢᠭᠦᠨ ᠵᠢᠴᠢ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠢᠭᠡᠴᠡ ᠪᠠ ᠬᠤᠪᠢ ᠬᠥᠮᠥᠨ᠂ ᠠᠬᠠᠮᠠᠳ ᠨᠠᠮ ᠤᠨ ᠭᠡᠰᠢᠭᠦᠨ᠂ ᠡᠯ᠎ᠡ ᠰᠠᠯᠠᠭ᠎ᠠ ᠮᠥᠴᠢᠷ ᠤᠨ ᠲᠦᠯᠦᠭᠡᠯᠡᠭᠴᠢᠳ ᠬᠤᠷᠠᠯ ᠳᠤ ᠣᠷᠣᠯᠴᠠᠪᠠ᠃      ᠬᠤᠷᠠᠯ ᠨᠢ ᠤᠯᠤᠰ ᠤᠨ ᠰᠦᠯᠲᠡ ᠳᠠᠭᠤᠨ ᠤ ᠳᠤᠮᠳᠠ ᠬᠥᠰᠢᠭᠡ ᠪᠠᠨ ᠰᠡᠬᠦᠵᠦ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠡᠶᠢᠭᠡᠮᠯᠢᠭ ᠤᠨ ᠬᠠᠮᠲᠤ ᠨᠡᠶᠢᠲᠡ ᠵᠢᠴᠢ ᠬᠤᠪᠢ ᠬᠥᠮᠥᠨ ᠳᠤ ᠢᠷᠠᠭᠤ ᠠᠯᠳᠠᠷ ᠤᠨ ᠦᠨᠡᠮᠯᠡᠯ ᠤᠯᠭᠤᠭᠰᠠᠨ ᠪᠠᠶᠢᠨ᠎ᠠ᠃      ᠬᠤᠷᠠᠯ ᠠᠴᠠ ᠨᠡᠶᠢᠭᠡᠮᠯᠢᠭ ᠤᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠨᠡᠶᠢᠭᠡᠮᠯᠢᠭ ᠤᠨ ᠳᠦᠷᠢᠮ᠂ ᠬᠠᠮᠢᠶᠠᠷᠤᠯᠲᠠ ᠶᠢᠨ ᠳᠦᠷᠢᠮ᠂ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢ ᠶᠢ ᠭᠠᠷ ᠡᠷᠭᠦᠨ ᠰᠣᠩᠭᠤᠵᠤ ᠰᠢᠨ᠎ᠡ  ᠪᠠᠷ ᠰᠣᠩᠭᠤᠭᠳᠠᠭᠰᠠᠨ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠠᠴᠠ ᠣᠪᠣᠷ ᠢᠶᠠᠨ ᠢᠯᠡᠳᠬᠡᠵᠦ ᠶᠠᠷᠢᠶ᠎ᠠ ᠲᠠᠯᠪᠢᠭᠰᠠᠨ ᠪᠠᠶᠢᠨ᠎ᠠ᠃      ᠮᠠᠨ ᠤ ᠬᠤᠰᠢᠭᠤᠨ ᠤ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ ᠰᠠᠶᠢᠨ ᠳᠤᠷᠠᠴᠤᠤᠯ ᠤᠨ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠮᠠᠨ ᠤ ᠬᠤᠰᠢᠭᠤᠨ ᠤ ᠬᠤᠪᠢᠰᠬᠠᠯ ᠤᠨ ᠰᠣᠶᠣᠯ ᠤᠨ ᠥᠪ ᠢ ᠠᠮᠢᠵᠢᠷᠠᠯ ᠤᠨ ᠬᠦᠴᠦᠨ ᠲᠠᠢ ᠪᠣᠯᠭᠠᠵᠤ᠂ ᠪᠦᠬᠦ ᠨᠡᠶᠢᠭᠡᠮ ᠳᠤ ᠡᠬᠡ ᠣᠷᠣᠨᠴᠢ ᠦᠵᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃        ᠬᠤᠷᠠᠯ  ᠤᠨ ᠳᠠᠷᠠᠭ᠎ᠠ ᠪᠠᠰᠠ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ  ᠪᠣᠯᠪᠠᠰᠤᠷᠠᠯ ᠥᠷᠨᠢᠭᠦᠯᠦᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号