ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/8/30
      8 ᠰᠠᠷ᠎ᠠ ᠶᠢᠨ 12 ᠤᠨ ᠡᠳᠦᠷ᠂ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠡᠶ᠎ᠡ  ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠳᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠨᠢᠭᠡ ᠨᠢᠭᠡ  ᠪᠠᠷ ᠢᠶᠠᠨ ᠴᠤᠭ ᠵᠢᠪᠬᠤᠭ᠎ᠠ ᠲᠠᠢ᠂ ᠡᠮᠬᠢ ᠳᠢᠭᠯᠢᠮ ᠲᠠᠢ ᠪᠠᠷ ᠡᠬᠡ ᠤᠯᠤᠰ ᠤᠨ ᠢᠶᠠᠨ ᠰᠣᠩᠭᠤᠯᠲᠠ ᠶᠢ ᠬᠦᠯᠢᠶᠡᠵᠦ ᠪᠠᠶᠢᠯ᠎ᠠ᠃ ᠴᠡᠷᠢᠭ ᠡᠯᠰᠡᠬᠦ ᠠᠯᠪᠠᠨ ᠭᠡᠷ ᠤᠨ ᠠᠵᠢᠯᠲᠠᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠪᠠᠷ ᠢᠷᠡᠭᠰᠡᠨ ᠵᠠᠯᠠᠭᠤᠴᠤᠳ ᠳᠤ ᠪᠡᠶ᠎ᠡ ᠶᠢᠨ ᠪᠠᠶᠢᠴᠠᠭᠠᠯᠲᠠ ᠶᠢᠨ ᠠᠩᠬᠠᠷᠬᠤ ᠵᠦᠢᠯ ᠵᠢᠴᠢ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠶᠠᠷᠢᠵᠤ᠂ ᠳᠠᠷᠠᠭ᠎ᠠ ᠨᠢ ᠲᠤᠰᠬᠠᠢ ᠬᠥᠮᠥᠨ ᠤ ᠵᠢᠯᠣᠭᠤᠳᠤᠯᠭ᠎ᠠ ᠳᠣᠣᠷ᠎ᠠ᠂ ᠴᠡᠷᠢᠭ ᠲᠤ ᠡᠯᠰᠡᠭᠳᠡᠬᠦ ᠵᠠᠯᠠᠭᠤᠴᠤᠳ ᠳᠤᠭᠤᠶᠢᠯᠠᠩ ᠬᠤᠪᠢᠶᠠᠨ ᠡᠯ᠎ᠡ ᠲᠥᠷᠥᠯ ᠤᠨ ᠪᠠᠶᠢᠴᠠᠭᠠᠯᠲᠠ ᠶᠢᠨ ᠴᠡᠭ ᠲᠤ ᠬᠦᠷᠴᠦ ᠪᠡᠶ᠎ᠡ ᠶᠢᠨ ᠪᠠᠶᠢᠴᠠᠭᠠᠯᠲᠠ ᠶᠢ ᠬᠦᠯᠢᠶᠡᠪᠡ᠃ ᠡᠮᠨᠡᠯᠭᠡ ᠶᠢᠨ ᠠᠵᠢᠯᠲᠠᠳ ︽ᠬᠡᠨ ᠪᠡᠶ᠎ᠡ ᠶᠢᠨ ᠪᠠᠶᠢᠴᠠᠭᠠᠯᠲᠠ ᠬᠢᠭᠰᠡᠨ ᠪᠣᠯ ᠬᠡᠨ ᠭᠠᠷ ᠤᠨ ᠥᠰᠥᠭ ᠵᠢᠷᠦᠵᠦ᠂ ᠬᠡᠨ ᠭᠠᠷ ᠤᠨ ᠦᠰᠦᠭ ᠵᠢᠷᠤᠭᠰᠠᠨ ᠪᠣᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠪᠠ ᠬᠠᠷᠢᠭᠤᠴᠠᠯᠭᠠᠲᠤ ᠣᠪᠣᠷ ᠢᠶᠠᠷ ︽ᠡᠯᠰᠡᠭᠳᠡᠬᠦ ᠠᠷᠠᠳ ᠢᠷᠭᠡᠳ ᠤᠨ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ︾ ᠶᠢ ᠴᠢᠩᠭ᠎ᠠ ᠵᠢᠷᠤᠮᠯᠠᠨ᠂ ᠪᠥᠬᠦ ᠪᠠᠶᠢᠴᠠᠭᠠᠯᠲᠠ ᠳᠤ ᠣᠷᠣᠯᠴᠠᠭᠰᠠᠳ ᠲᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ᠂ ᠠᠮᠠᠨ ᠬᠥᠨᠳᠡᠢ᠂ ᠴᠢᠬᠢ ᠬᠠᠮᠠᠷ ᠬᠤᠭᠤᠯᠠᠢ ᠶᠢᠨ ᠰᠠᠯᠠᠭ᠎ᠠ ᠵᠡᠷᠭᠡ 10 ᠭᠠᠷᠤᠢ ᠵᠦᠢᠯ ᠤᠨ ᠪᠠᠶᠢᠴᠠᠭᠠᠯᠲᠠ ᠬᠢᠪᠡ᠃      ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠮᠳᠠ᠂ ᠮᠠᠨ ᠤ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢ ᠪᠡᠶ᠎ᠡ ᠶᠢᠨ ᠪᠠᠶᠢᠴᠠᠭᠠᠯᠲᠠ ᠶᠢᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢ ᠤᠷᠢᠵᠤ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠢᠯᠡ ᠪᠠᠷ ᠶᠠᠪᠤᠭᠳᠠᠬᠤ ᠶᠢ ᠪᠠᠲᠤᠯᠠᠵᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠪᠠᠲᠤᠯᠠᠪᠠ᠃      ᠣᠶᠢᠯᠠᠭᠠᠭᠰᠠᠨ ᠢᠶᠠᠷ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠠᠬᠢ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠠᠵᠢᠯ ᠤᠨ ᠲᠤᠰᠬᠠᠢ ᠠᠩᠭᠢ ᠪᠠᠶᠢᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ ᠬᠤᠭᠤᠴᠠᠭᠠᠨ ᠳᠠᠬᠢ ᠴᠡᠷᠢᠭ ᠲᠤ ᠡᠯᠰᠡᠭᠳᠡᠬᠦ ᠵᠠᠯᠠᠭᠤᠴᠤᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠪᠠ᠂ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ  ᠶᠢ ᠳᠠᠩ ᠵᠦᠢᠯ ᠤᠨ ᠪᠠᠶᠢᠴᠠᠭᠠᠯᠲᠠ ᠶᠢᠨ ᠳ᠋ᠦᠩ ᠢᠶᠠᠷ ᠬᠢᠵᠠᠭᠠᠷᠯᠠᠬᠤ ᠦᠭᠡᠢ᠂ ᠶᠡᠷᠦᠩᠬᠡᠢ ᠪᠠᠶᠢᠴᠠᠭᠠᠯᠲᠠ ᠪᠠᠷ ᠬᠠᠮᠤᠭ ᠡᠴᠦᠰ ᠤᠨ ᠰᠢᠯᠭᠠᠬᠤ ᠪᠠᠷᠢᠮᠵᠢᠶ᠎ᠠ ᠪᠣᠯᠭᠠᠵᠤ᠂ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢ ᠬᠠᠷᠢᠭᠤᠴᠠᠨ ᠣᠷᠣᠯᠴᠠᠭᠰᠠᠨ ᠪᠥᠬᠦ ᠠᠵᠢᠯᠲᠠᠨ ᠴᠥᠮ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠶᠢ ᠢᠯᠡ ᠲᠣᠳᠣ ᠪᠠᠶᠢᠯᠭᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号