ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠵᠠᠰᠠᠮᠠᠯ ᠵᠠᠮ ᠤᠨ ᠪᠣᠭᠤᠮᠲᠠ ᠶᠢᠨ ᠰᠦᠢᠳᠬᠡᠯ ᠬᠤᠷᠢᠶᠠᠬᠤ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/31
      2023 ᠣᠨ ᠤ 8 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠨᠠᠷᠠᠰᠤ ᠨᠠᠷ ᠮᠠᠨ ᠤ ᠬᠤᠰᠢᠭᠤᠨ ᠳᠤ ᠢᠷᠡᠵᠦ ᠬᠠᠲᠠᠪᠴᠢ ᠵᠠᠰᠠᠮᠠᠯ ᠵᠠᠮ ᠤᠨ ᠪᠣᠭᠤᠮᠲᠠ ᠶᠢᠨ ᠰᠦᠢᠳᠬᠡᠯ ᠬᠤᠷᠢᠶᠠᠬᠤ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠂ ᠬᠤᠰᠢᠭᠤ ᠳᠡᠳ᠋ ᠳᠠᠷᠤᠭ᠎ᠠ ᠰᠢᠦᠢ ᠶᠢᠩ ᠵᠢᠶᠠᠨ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤ ᠪᠣᠭᠤᠮᠲᠠ ᠶᠢᠨ ᠵᠥᠪᠯᠡᠯ ᠤᠨ ᠬᠠᠮᠢᠶ᠎ᠠ ᠪᠦᠬᠦᠢ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤ ᠭᠤᠣᠯᠳᠠᠭᠤ ᠶᠠᠷᠢᠯᠴᠠᠬᠤ ᠬᠤᠷᠠᠯ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠵᠡᠷᠭᠡ ᠬᠡᠯᠪᠡᠷᠢ ᠶᠢ ᠬᠡᠷᠡᠭᠯᠡᠵᠡᠢ᠃ ᠨᠢᠭᠡ ᠳᠤ᠂ ᠬᠠᠳᠠᠪᠴᠢ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠠᠯᠠᠪᠤᠷ ᠤᠨ ᠦᠨ᠎ᠡ ᠲᠣᠭᠲᠠᠭᠠᠬᠤ ᠠᠴᠠ ᠡᠮᠦᠨ᠎ᠡ ᠰᠠᠨᠠᠯ ᠢᠶᠠᠨ ᠰᠣᠯᠢᠯᠴᠠᠬᠤ ᠬᠤᠷᠠᠯ ᠬᠢᠵᠦ᠂ ᠥᠪᠥᠷ ᠮᠣᠩᠭᠤᠯ ᠤᠨ ᠹᠦ᠋ ᠺᠦᠨ ᠨᠡᠭᠦᠷᠡᠰᠦ ᠡᠵᠡᠩᠨᠡᠨ ᠪᠣᠷᠣᠯᠠᠭᠤᠯᠬᠤ ᠬᠢᠵᠠᠭᠠᠷᠲᠤ ᠺᠣᠮᠫᠠᠨᠢ ᠵᠡᠷᠭᠡ ᠭᠠᠳᠠᠭᠠᠳᠤ ᠠᠴᠠ ᠣᠷᠣᠭᠤᠯᠤᠭᠰᠠᠨ 5 ᠨᠡᠭᠦᠷᠡᠰᠦᠨ ᠤ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠬᠤ ᠬᠤᠷᠠᠯ ᠬᠢᠪᠡ︔ ᠬᠤᠶᠠᠷ ᠲᠤ᠂ ᠯᠢᠩ ᠴᠢ ᠬᠢᠨᠠᠨ ᠬᠠᠮᠢᠶᠠᠷᠬᠤ ᠬᠥᠮᠥᠷᠭᠡ᠂ ᠯᠢ ᠳ᠋ᠡ ᠬᠢᠨᠠᠨ ᠬᠠᠮᠢᠶᠠᠷᠬᠤ ᠬᠥᠮᠥᠷᠭᠡ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ︔ ᠭᠤᠷᠪᠠ ᠳᠤ᠂ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠭᠤ ᠲᠤᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠡ︔ ᠳᠥᠷᠪᠡ ᠳᠤ᠂ ᠪᠣᠭᠤᠮᠲᠠ ᠶᠢᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠠᠷᠢᠯᠴᠠᠬᠤ ᠬᠤᠷᠠᠯ ᠬᠤᠷᠠᠯᠳᠤᠭᠤᠯᠪᠡ᠃      ᠨᠠᠷᠠᠰᠤ ᠨᠠᠷ ᠣᠳᠣᠬᠠᠨ ᠤ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠠᠪᠤᠴᠠ ᠵᠢᠴᠢ ᠰᠦᠢᠳᠬᠡᠯ ᠬᠤᠷᠢᠶᠠᠭᠰᠠᠨ ᠪᠠᠶᠢᠳᠠᠯ ᠢ ᠨᠠᠷᠢᠨ ᠨᠢᠭᠲᠠ ᠪᠠᠶᠢᠴᠠᠭᠠᠨ ᠰᠤᠳᠤᠯᠵᠠᠢ᠃ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠦᠷ᠎ᠡ ᠳ᠋ᠦᠩ ᠤᠨ ᠲᠤᠬᠠᠢ ᠰᠦᠢᠳᠬᠡᠯ ᠬᠤᠷᠢᠶᠠᠬᠤ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠭᠰᠠᠨ ᠪᠥᠭᠡᠳ ᠪᠣᠭᠤᠮᠲᠠ ᠶᠢᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号