ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠬᠤᠰᠢᠭᠤᠨ ᠳᠤ ᠪᠠᠶᠢᠩᠭᠤ ᠰᠠᠭᠤᠭ᠎ᠠ ᠭᠠᠳᠠᠭᠠᠳᠤ ᠶᠢᠨ ᠬᠠᠷᠢᠶᠠᠲᠤ ᠬᠥᠮᠥᠰ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/8/31
      8 ᠰᠠᠷ᠎ᠠ ᠶᠢᠨ 22 ᠤᠨ ᠡᠳᠦᠷ᠂ ᠬᠤᠰᠢᠭᠤ ᠭᠠᠳᠠᠭᠠᠳᠤ ᠶᠠᠪᠤᠳᠠᠯ ᠤᠨ ᠠᠯᠪᠠᠨ ᠭᠡᠷ ᠬᠤᠰᠢᠭᠤᠨ ᠳᠤ ᠪᠠᠶᠢᠩᠭᠤ ᠰᠠᠭᠤᠭ᠎ᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠢ ᠰᠤᠷᠪᠤᠯᠵᠢᠯᠠᠵᠤ᠂ ᠪᠠᠶᠢᠩᠭᠤ ᠰᠠᠭᠤᠭ᠎ᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠢ ᠳᠤᠨᠢ ᠡᠵᠡᠮᠰᠢᠪᠡ᠃ ᠰᠤᠷᠪᠤᠯᠵᠢᠯᠠᠬᠤ ᠶᠠᠪᠤᠴᠠ ᠳᠤ᠂ ᠮᠠᠨ ᠤ ᠠᠯᠪᠠᠨ ᠭᠡᠷ ᠠᠴᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠪᠠ ᠬᠤᠯᠪᠣᠭᠳᠠᠯ ᠪᠦᠬᠦᠢ ᠸᠢᠰᠠ ᠶᠢ ᠨᠠᠷᠢᠨ ᠬᠢᠨᠠᠮᠠᠭᠠᠢ ᠪᠠᠶᠢᠴᠠᠭᠠᠨ ᠰᠢᠯᠭᠠᠵᠤ᠂ ᠸᠢᠰᠠ ᠶᠢᠨ ᠰᠠᠭᠠᠲᠠᠬᠤ ᠶᠢ ᠵᠥᠪᠰᠢᠶᠡᠷᠡᠬᠦ ᠬᠤᠭᠤᠴᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠬᠠᠤᠯᠢ ᠪᠤᠰᠤ ᠪᠠᠷ ᠣᠷᠣᠰᠢᠨ ᠰᠠᠭᠤᠬᠤ ᠪᠠᠶᠢᠳᠠᠯ ᠭᠠᠷᠬᠤ ᠶᠢ ᠰᠡᠷᠭᠡᠶᠢᠯᠡᠬᠦ ᠶᠢᠨ ᠬᠠᠮᠲᠤ  ᠰᠠᠨᠠᠯ ᠪᠣᠳᠤᠯ ᠢᠶᠠᠨ ᠰᠣᠯᠢᠯᠴᠠᠬᠤ ᠶᠢ ᠭᠠᠳᠠᠭᠠᠳᠤ ᠶᠢᠨ ᠬᠠᠷᠢᠶ᠎ᠠ ᠲᠠᠢ ᠬᠥᠮᠥᠰ ᠲᠤ ᠰᠠᠨᠠᠭᠤᠯᠪᠠ᠃ ᠶᠠᠷᠢᠯᠴᠠᠬᠤ ᠪᠠᠷ ᠳᠠᠮᠵᠢᠭᠤᠯᠤᠨ᠂ ᠲᠡᠳᠡᠨ ᠤ ᠭᠡᠷ ᠪᠦᠯᠢ ᠶᠢᠨ ᠪᠦᠷᠢᠯᠳᠦᠭᠦᠨ ᠵᠢᠴᠢ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠡᠳᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号