8 ᠰᠠᠷ᠎ᠠ ᠶᠢᠨ 14 ᠤ ᠡᠳᠦᠷ ᠬᠤᠷᠠᠯᠳᠤᠭᠰᠠᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ ᠶᠢᠨ 2023 ᠣᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠠᠴᠠ ᠨᠠᠰᠢ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠰᠢ ᠶᠢᠨ ᠫᠢᠩ ᠶᠡᠷᠦᠩᠬᠡᠢ ᠱᠦᠵᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠵᠡᠭᠦᠨ ᠦᠵᠦᠮᠦᠴᠢᠨ ᠬᠤᠰᠢᠭᠤᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳᠤᠮᠳᠠᠬᠢ ᠭᠤᠣᠯᠳᠠᠯᠭ᠎ᠠ ᠲᠠᠢ | ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠪᠡ᠃ | ᠨᠢᠭᠡ ᠳᠤ᠂ ᠬᠢᠨᠠᠨ ᠵᠥᠪᠰᠢᠶᠡᠷᠡᠬᠦ ᠵᠥᠪᠰᠢᠶᠡᠷᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠭᠠᠳᠠᠷ | ᠮᠤᠵᠢ ᠶᠢᠨ ᠠᠵᠤ ᠠᠬᠤᠶᠢᠯᠠᠯ ᠤᠨ ᠮᠠᠨ ᠤ ᠬᠤᠰᠢᠭᠤᠨ ᠳᠤ ᠰᠢᠭᠤᠳ ᠬᠠᠷᠢᠶ᠎ᠠ ᠬᠤᠪᠢᠶᠠᠷᠢ ᠺᠣᠮᠫᠠᠨᠢ ᠶᠢᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠭᠦᠨᠵᠡᠭᠡᠶᠢᠷᠡᠭᠦᠯᠪᠡ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠢ | ᠰᠠᠯᠠᠭ᠎ᠠ ᠮᠥᠴᠢᠷ ᠠᠯᠤᠰᠯᠠᠨ᠂ ᠣᠷᠣᠨ ᠪᠦᠰᠡ ᠠᠯᠤᠰᠯᠠᠨ ᠬᠠᠮᠵᠢᠯᠴᠠᠨ ᠬᠡᠷᠡᠭᠯᠡᠬᠦ ᠶᠢ ᠴᠢᠩᠭᠠᠳᠬᠠᠵᠤ᠂ ᠣᠶᠤᠨᠴᠢ | ᠳᠠᠩᠰᠠᠯᠠᠯᠲᠠ᠂ ᠣᠶᠤᠨᠴᠢ ᠬᠢᠨᠠᠨ ᠵᠥᠪᠰᠢᠶᠡᠷᠡᠯ ᠤᠨ ᠬᠡᠷᠡᠭᠯᠡᠯᠲᠡ ᠶᠢ ᠠᠬᠢᠭᠤᠯᠵᠤ᠂ ᠠᠵᠤ ᠠᠬᠤᠶᠢᠯᠠᠯ ᠡᠷᠭᠢᠯᠡᠬᠦ ᠪᠠ | ᠳᠥᠭᠦᠮᠬᠡᠨ ᠢᠶᠠᠷ ᠬᠦᠴᠦᠨ ᠦᠭᠡᠢ ᠪᠣᠯᠭᠠᠬᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ | ᠦᠷᠭᠦᠯᠵᠢᠯᠡᠨ ᠠᠬᠢᠭᠤᠯᠵᠤ᠂ 2023 ᠣᠨ ᠠᠴᠠ ᠣᠲᠣ ᠪᠣᠯᠲᠠᠯ᠎ᠠ᠂ 457 ᠠᠵᠤ ᠠᠬᠤᠶᠢᠯᠠᠯ 1495 | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠢ ᠪᠥᠬᠦ ᠶᠠᠪᠤᠴᠠ ᠳᠤ | ᠡᠯᠧᠺᠲᠷᠤᠨᠴᠢᠯᠠᠨ ᠪᠠᠶᠢᠭᠤᠯᠵᠤ᠂ ᠬᠤᠪᠢᠷᠠᠭᠤᠯᠤᠨ᠂ ᠬᠦᠴᠦᠨ ᠦᠭᠡᠢ ᠪᠣᠯᠭᠠᠪᠠ᠃ ᠭᠠᠳᠠᠷ ᠮᠤᠵᠢ ᠵᠢᠨᠠᠵᠤ | ᠠᠬᠤᠶᠢᠯᠠᠯ ᠤᠨ ᠮᠠᠨ ᠤ ᠬᠤᠰᠢᠭᠤᠨ ᠳᠤ ᠪᠠᠶᠢᠭᠤᠯᠤᠭᠰᠠᠨ ᠰᠢᠭᠤᠳ ᠬᠠᠷᠢᠶ᠎ᠠ ᠬᠤᠪᠢᠶᠠᠷᠢ ᠺᠣᠮᠫᠠᠨᠢ ᠶᠢᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠬᠦᠴᠦᠯᠡᠨ ᠥᠷᠨᠢᠭᠦᠯᠵᠦ᠂ ᠭᠠᠳᠠᠷ ᠮᠤᠵᠢ ᠶᠢᠨ ᠠᠵᠤ ᠠᠬᠤᠶᠢᠯᠠᠯ ᠤᠨ | ᠬᠤᠪᠢᠶᠠᠷᠢ ᠺᠣᠮᠫᠠᠨᠢ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠣᠲᠣ ᠪᠣᠯᠲᠠᠯ᠎ᠠ᠂ ᠭᠠᠳᠠᠷ ᠮᠤᠵᠢ ᠶᠢᠨ ᠠᠵᠤ | ᠠᠬᠤᠶᠢᠯᠠᠯ ᠮᠠᠨ ᠤ ᠬᠤᠰᠢᠭᠤᠨ ᠳᠤ ᠨᠡᠶᠢᠲᠡ 30 ᠬᠤᠪᠢᠶᠠᠷᠢ ᠺᠣᠮᠫᠠᠨᠢ ᠪᠠᠶᠢᠭᠤᠯᠵᠤ᠂ ᠡᠭᠦᠨ ᠳᠤ 3 ᠨᠢ | ᠦᠢᠯᠡᠳᠪᠦᠷᠢᠯᠡᠯ ᠢᠶᠠᠨ ᠵᠣᠭᠰᠣᠭᠠᠵᠤ᠂ 1 ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ | | ᠬᠤᠶᠠᠷ ᠲᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠵᠦ | ᠥᠭᠪᠡ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾ | ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠪᠦᠷᠢᠳᠬᠡᠨ ᠳᠠᠩᠰᠠᠯᠠᠬᠤ᠂ ᠡᠵᠡᠩᠨᠡᠭᠴᠢ ᠶᠢ ᠬᠤᠪᠢᠷᠠᠭᠤᠯᠤᠨ ᠳᠠᠩᠰᠠᠯᠠᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ 2023 ᠣᠨ ᠠᠴᠠ ᠣᠲᠣ ᠪᠣᠯᠲᠠᠯ᠎ᠠ᠂ ᠨᠡᠶᠢᠲᠡ 762 ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠪᠦᠷᠢᠳᠬᠡᠨ ᠳᠠᠩᠰᠠᠯᠠᠭᠤᠯᠵᠤ᠂ 129 ᠡᠵᠡᠩᠨᠡᠭᠴᠢ ᠶᠢ ᠬᠤᠪᠢᠷᠠᠭᠤᠯᠤᠨ | ᠳᠠᠩᠰᠠᠯᠠᠭᠤᠯᠪᠠ᠃ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠣᠷ᠂ ᠨᠠᠮ ᠤᠨ ᠪᠠᠶᠢᠭᠤᠯᠤᠯᠲᠠ ᠶᠢᠨ ᠰᠦᠯᠵᠢᠶᠡᠨ ᠤ ᠲᠠᠪᠴᠠᠩ ᠢ ᠶᠡᠷᠦᠩᠬᠡᠶᠢᠯᠡᠨ ᠬᠡᠷᠡᠭᠯᠡᠵᠦ᠂ | ᠨᠠᠮ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠠᠵᠢᠯ ᠢ ᠴᠢᠩᠭᠠᠳᠬᠠᠵᠤ᠂ ᠲᠤᠰᠠᠭᠠᠷ ᠵᠣᠬᠢᠶᠠᠨ ᠪᠠᠶᠢᠭᠤᠯᠬᠤ᠂ ᠬᠤᠯᠪᠤᠭᠠᠯᠠᠨ ᠵᠣᠬᠢᠶᠠᠨ ᠪᠠᠶᠢᠭᠤᠯᠬᠤ | ᠂ ᠠᠵᠢᠯ ᠲᠥᠷᠥᠯ ᠬᠤᠯᠪᠤᠭᠠᠯᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠢᠳ ᠬᠤᠵᠢᠳ 14 | ︽ᠪᠠᠭ᠎ᠠ ᠲᠤᠰᠬᠠᠢ︾ ᠨᠡᠶᠢᠲᠡ ᠶᠢᠨ ᠪᠤᠰᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠬᠤᠪᠢ ᠶᠢᠨ | ᠡᠵᠡᠩᠨᠡᠯᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠱᠢᠶ᠎ᠡ ᠦᠵᠡᠭᠦᠯᠬᠦ ᠴᠡᠭ 1᠂ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠴᠡᠭ 1᠂ ︽ᠬᠤᠣᠰ ᠬᠦᠴᠦᠷᠬᠡᠭ | ᠵᠢᠷᠭᠤᠭᠠᠨ ᠰᠠᠶᠢᠨᠲᠠᠢ︾ ᠨᠡᠶᠢᠲᠡ ᠶᠢᠨ ᠪᠤᠰᠤ ᠵᠣᠬᠢᠶᠠᠨ ᠪᠠᠶᠢᠭᠤᠯᠤᠯᠲᠠ 2᠂ ︽ᠰᠢᠶᠠᠨ ᠤ ᠱᠠᠲᠤᠨ ᠤ ᠨᠡᠶᠢᠲᠡ | ᠶᠢᠨ ᠪᠤᠰᠤ ᠠᠵᠤ ᠠᠬᠤᠢ ᠶᠢᠨ ᠨᠠᠮ ᠤᠨ ᠵᠣᠬᠢᠶᠠᠨ ᠪᠠᠶᠢᠭᠤᠯᠤᠯᠲᠠ︾ 3 ᠶᠢ ᠪᠣᠶᠢᠵᠢᠭᠤᠯᠵᠤ᠂ ᠨᠠᠮ ᠤᠨ | ᠪᠠᠶᠢᠭᠤᠯᠤᠯᠲᠠ ᠶᠢᠨ ᠠᠵᠢᠯ ᠬᠢᠭᠡᠳ ᠦᠢᠯᠡᠳᠪᠦᠷᠢᠯᠡᠯ ᠡᠵᠡᠩᠨᠡᠯᠲᠡ᠂ ᠠᠵᠤ ᠦᠢᠯᠡᠰ ᠤᠨ ᠳᠡᠭᠡᠭᠰᠢᠯᠡᠯᠲᠡ᠂ | ᠨᠡᠶᠢᠭᠡᠮ ᠤᠨ ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ | ᠭᠤᠷᠪᠠ ᠳᠤ᠂ ︽ᠦᠢᠯᠡᠴᠢᠯᠡᠭᠡ ᠶᠢ ᠰᠢᠯᠢᠳᠡᠭᠵᠢᠭᠦᠯᠬᠦ᠂ ᠭᠤᠣᠯ ᠴᠣᠭᠴᠠ ᠶᠢ ᠴᠢᠩᠭᠠᠳᠬᠠᠬᠤ᠂ | ᠬᠥᠭᠵᠢᠯᠲᠡ ᠶᠢ ᠠᠬᠢᠭᠤᠯᠬᠤ︾ ᠪᠣᠳᠠᠲᠠᠢ ᠠᠵᠢᠯ ᠢ ᠨᠠᠶᠢᠳᠠᠪᠦᠷᠵᠢᠭᠤᠯᠪᠠ᠃ ᠥᠪᠡᠷᠲᠡᠭᠡᠨ ᠵᠠᠰᠠᠬᠤ ᠣᠷᠣᠨ ᠤ ︽ | ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠤᠨ ᠴᠢᠳᠠᠮᠵᠢ ᠶᠢ ᠭᠦᠢᠴᠡᠳ ᠠᠰᠢᠭᠯᠠᠵᠤ᠂ ᠠᠵᠤ ᠠᠬᠤᠶᠢᠯᠠᠯ | ᠡᠷᠭᠢᠯᠡᠬᠦ᠂ ᠡᠵᠡᠩᠨᠡᠬᠦ ᠶᠢ ᠵᠥᠪᠰᠢᠶᠡᠷᠡᠬᠦ᠂ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠠᠴᠠ ᠭᠠᠷᠳᠠᠬᠤ | ᠶᠢ ᠪᠡᠶᠡᠯᠡᠭᠦᠯᠪᠡ᠃ 2023 ᠣᠨ ᠠᠴᠠ ᠣᠲᠣ ᠪᠣᠯᠲᠠᠯ᠎ᠠ᠂ ᠨᠡᠶᠢᠲᠡ 405 ᠡᠷᠦᠬᠡ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠰᠡᠷᠭᠦᠭᠡᠯᠲᠡ ᠶᠢ ᠪᠡᠶᠡᠯᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠠ ᠦᠢᠯᠡᠴᠢᠯᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ | ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠤᠬᠠᠭᠤᠯᠭ᠎ᠠ ᠶᠢ | ᠥᠷᠨᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠶᠢ ᠠᠬᠢᠭᠤᠯᠵᠤ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ︽ᠮᠢᠩᠭᠠᠨ ᠠᠵᠤ ᠠᠬᠤᠶᠢᠯᠠᠯ | ᠲᠦᠮᠡᠨ ᠦᠢᠯᠡᠳᠬᠡᠯ ᠤᠨ ᠭᠠᠵᠠᠷ︾ ᠢ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠥᠷᠨᠢᠭᠦᠯᠵᠦ᠂ ︽ᠬᠠᠤᠯᠢ | ᠬᠦᠷᠭᠡᠬᠦ ᠦᠢᠯᠡᠴᠢᠯᠡᠭᠡ﹀﹀ ᠬᠠᠩᠭᠠᠨ᠂ 2023 ᠣᠨ ᠠᠴᠠ ᠣᠲᠣ ᠪᠣᠯᠲᠠᠯ᠎ᠠ᠂ ᠮᠠᠨ ᠤ ᠬᠤᠰᠢᠭᠤᠨ ᠤ 57 | ᠡᠷᠦᠬᠡ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠡᠳ᠋ᠰᠢᠭᠦᠯᠦᠨ ᠪᠣᠯᠪᠠᠰᠤᠷᠠᠭᠤᠯᠬᠤ ᠵᠢᠵᠢᠭ ᠦᠢᠯᠡᠳᠬᠡᠯ ᠳᠤ ︽ | ᠬᠠᠤᠯᠢ ᠬᠦᠷᠭᠡᠬᠦ ᠦᠢᠯᠡᠴᠢᠯᠡᠭᠡ︾ ᠬᠠᠩᠭᠠᠬᠤ ᠶᠢᠨ ᠬᠠᠮᠲᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠪᠡ᠃ | ︽ᠮᠣᠩᠭᠤᠯ︾ ᠥᠰᠥᠭ ᠤᠨ ᠲᠡᠮᠳᠡᠭ ᠤᠨ ᠬᠠᠮᠢᠶ᠎ᠠ ᠪᠦᠬᠦᠢ ᠤᠬᠠᠭᠤᠯᠤᠨ ᠲᠠᠨᠢᠯᠴᠠᠭᠤᠯᠬᠤ᠂ ᠵᠣᠬᠢᠶᠠᠨ ᠪᠠᠶᠢᠭᠤᠯᠤᠨ | ᠳᠠᠶᠢᠴᠢᠯᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠵᠦ᠂ 2023 ᠣᠨ ᠠᠴᠠ | ᠣᠲᠣ ᠪᠣᠯᠲᠠᠯ᠎ᠠ᠂ ᠨᠡᠶᠢᠲᠡ 3 ᠠᠵᠤ ᠠᠬᠤᠶᠢᠯᠠᠯ ︽ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠤᠨ | ᠮᠠᠲ᠋ᠧᠷᠢᠶᠠᠯ ᠢ ᠭᠠᠷᠳᠠᠭᠤᠯᠪᠠ᠃ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 2023 ᠣᠨ ᠠᠴᠠ ᠤᠳᠤ ᠪᠣᠯᠲᠠᠯ᠎ᠠ᠂ 4 | ᠰᠢᠯᠢᠳᠡᠭ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠦ ᠲᠤᠰᠢᠶᠠᠯᠲᠠᠨ ᠤ ᠳᠦᠷᠢᠮ ᠢ | ᠪᠦᠷᠢᠨᠰᠢᠭᠦᠯᠬᠦ ᠶᠢ ᠳᠡᠮᠵᠢᠵᠦ᠂ ᠠᠵᠤ ᠠᠬᠤᠶᠢᠯᠠᠯ ᠢ ᠬᠠᠪᠰᠤᠷᠤᠨ ᠵᠢᠯᠤᠭᠤᠳᠴᠤ ᠪᠠᠶᠢᠭᠠᠳ ᠶᠠᠰᠤ ᠴᠢᠨᠠᠷ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠪᠡ᠃ |