ᠤᠯᠠᠮᠵᠢᠯᠠᠯ ᠰᠢᠨᠡᠴᠢᠯᠡᠯ ᠤᠨ ᠡᠮᠦᠨ᠎ᠡ ᠡᠩᠨᠡᠭᠡᠨ ᠳᠤ ᠬᠤᠰᠢᠭᠤᠷᠠᠵᠦ ᠶᠠᠪᠤᠭ᠎ᠠ《 ᠵᠡᠯ᠎ᠡ 》ᠴᠠᠭᠠᠨ ᠢᠳᠡᠭᠡᠨ ᠤ ᠳᠡᠯᠭᠡᠭᠦᠷ
ᠨᠡᠶᠢᠲᠡᠯᠡᠭᠰᠡᠨ ᠴᠠᠭ᠄
2023/9/1
      8 ᠰᠠᠷ᠎ᠠ ᠶᠢᠨ 11 ᠤ ᠡᠳᠦᠷ᠂ ᠮᠠᠨ ᠤ ᠬᠤᠰᠢᠭᠤᠨ ᠤ ︿︿ᠵᠡᠯ᠎ᠡ﹀﹀ ᠴᠠᠭᠠᠨ ᠢᠳᠡᠭᠡᠨ ᠤ ᠳᠡᠯᠭᠡᠭᠦᠷ ᠰᠢᠯᠢ  ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠡᠷᠬᠡ ᠣᠯᠭᠤᠯᠲᠠ ᠶᠢ ᠵᠢᠩᠬᠢᠨᠢ ᠪᠠᠷ ᠣᠯᠵᠤ᠂ ᠮᠠᠨ ᠤ ᠬᠤᠰᠢᠭᠤᠨ ᠤ ᠠᠩᠬᠠᠳᠠᠭᠴᠢ ᠲᠣᠰ ᠡᠷᠬᠡ ᠣᠯᠭᠤᠯᠲᠠ ᠶᠢ ᠣᠯᠤᠭᠰᠠᠨ ᠡᠵᠡᠩᠨᠡᠯᠲᠡ ᠶᠢᠨ ᠭᠤᠣᠯ ᠴᠣᠭᠴᠠ ᠪᠤᠯᠤᠭᠰᠠᠨ ᠭᠡᠰᠡᠨ ᠰᠣᠷᠠᠭ ᠢᠶᠠᠷ ᠲᠣᠰᠬᠠᠶᠢᠯᠠᠨ ᠰᠣᠷᠪᠣᠯᠵᠢᠯᠠᠬᠤ ᠪᠠᠷ ᠬᠦᠷᠴᠣ ᠪᠢᠯᠡ᠃      ︿︿ᠵᠡᠯ᠎ᠡ﹀﹀ ᠴᠠᠭᠠᠨ ᠢᠳᠡᠭᠡᠨ ᠤ ᠳᠡᠯᠭᠡᠭᠦᠷ ᠤᠨ ᠡᠵᠡᠩᠨᠡᠭᠴᠢ ᠰᠣᠶᠣᠯᠴᠡᠴᠡᠭ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠤᠯᠠᠮᠵᠢᠯᠯᠠᠲᠤ ᠴᠠᠭᠠᠨ ᠢᠳᠡᠭᠡᠨ ᠪᠤᠯᠪᠠᠰᠤᠷᠠᠭᠤᠯᠬᠤ ᠤᠷ᠎ᠠ ᠳᠡᠮ ᠢ ᠥᠪᠯᠡᠵᠦ ᠂ ᠬᠤᠷᠤᠳ᠂ ᠪᠢᠰᠢᠯᠠᠭ᠂ ᠠᠶᠢᠷᠠᠭ ᠵᠡᠷᠭᠡ ᠡᠯ᠎ᠡ ᠵᠦᠢᠯ ᠤᠨ ᠤᠯᠠᠮᠵᠢᠯᠠᠯᠲᠤ ᠴᠠᠭᠠᠨ ᠢᠳᠡᠭᠡᠨ ᠤ ᠭᠠᠷ ᠦᠢᠯᠡᠳᠪᠦᠷᠢᠯᠡᠯ ᠤᠨ ᠮᠡᠷᠭᠡᠵᠢᠯ ᠳᠤ ᠮᠡᠷᠭᠡᠰᠢᠵᠦ᠂ ᠲᠦᠷᠦᠯ ᠰᠠᠲᠤᠨ᠂ ᠠᠶᠢᠯ ᠰᠠᠭᠠᠬᠠᠯᠲᠠ ᠶᠢᠨ ᠬᠢᠨ ᠤ ᠪᠠᠨ ᠲᠠᠭᠠᠰᠢᠶᠠᠯ ᠢ ᠬᠦᠷᠲᠡᠭᠰᠡᠨ  ᠢᠶᠠᠷ ᠤᠷᠮᠠᠰᠢᠨ ᠵᠤᠷᠢᠭᠵᠢᠵᠦ᠂ ᠴᠠᠭᠠᠨ ᠢᠳᠡᠭᠡᠨ ᠤ ᠳᠡᠯᠭᠡᠭᠦᠷ ᠡᠷᠬᠢᠯᠡᠭᠰᠡᠨ ᠨᠢ ᠡᠨᠡ ᠪᠢᠯᠡ᠃      ︿︿ᠵᠡᠯ᠎ᠡ﹀﹀ ᠴᠠᠭᠠᠨ ᠢᠳᠡᠭᠡᠨ ᠤ ᠲᠡᠯᠭᠡᠬᠦᠷ ᠲᠤ ᠣᠷᠣᠬᠤ ᠳᠤ ᠰᠦ ᠴᠠᠭ᠎ᠠ ᠶᠢᠨ ᠠᠩᠬᠢᠯᠤᠮ᠎ᠠ ᠦᠨᠦᠷ ᠬᠠᠩᠬᠤᠯᠤᠨ᠎ᠠ᠃ ᠣᠳᠣᠬᠠᠨ ᠳᠤ ᠡᠳᠡᠨᠡᠶᠢᠭᠡᠨ ᠴᠠᠷᠴᠠᠭᠠᠭᠰᠠᠨ ᠦᠷᠦᠮ᠎ᠡ᠂ ᠠᠶᠢᠷᠠᠭ᠂ ᠬᠤᠷᠤᠳ᠂ ᠰᠢᠷ᠎ᠠ ᠲᠤᠰᠤ᠂ ᠵᠦᠭᠡᠭᠡᠢ ᠵᠡᠷᠭᠡ 30 ᠭᠠᠷᠤᠢ ᠲᠦᠷᠦᠯ ᠤᠨ ᠪᠦᠲᠦᠭᠡᠭᠳᠡᠭᠦᠨ ᠲᠠᠢ ᠶᠣᠮ᠃          ᠣᠶᠢᠷ᠎ᠠ ᠶᠢᠨ ᠵᠢᠯ ᠤᠳ ᠲᠤ᠂ ᠵᠡᠭᠦᠨ ᠦᠵᠦᠮᠦᠴᠢᠨ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠣᠨᠴᠠᠯᠢᠭᠲᠤ ᠢᠳᠡᠭᠡᠨ ᠪᠣᠯᠪᠠᠰᠤᠷᠠᠭᠤᠯᠬᠤ ᠠᠵᠤ ᠦᠶᠯᠡᠰ ᠢ ᠶᠡᠬᠡᠪᠡᠷ ᠲᠡᠳᠬᠦᠨ ᠬᠥᠭᠵᠢᠭᠦᠯᠵᠦ᠂ ᠤᠯᠠᠮᠵᠢᠯᠠᠯᠲᠤ ᠠᠵᠤ ᠦᠶᠯᠡᠰ ᠲᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠨᠡᠨ ᠬᠦ ᠥᠷᠭᠡᠳᠬᠡᠵᠦ᠂ ᠮᠠᠨ  ᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号