ᠬᠤᠰᠢᠭᠤ ᠨᠠᠮ ᠤᠨ ᠬᠤᠷᠢᠶᠠᠨ ᠤ ᠳᠥᠴᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/1
      8 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠥᠴᠢᠨ ᠬᠤᠶᠠᠳᠤᠭᠠᠷ ᠤᠳᠠᠭᠠᠨ ᠤ ᠪᠠᠶᠢᠩᠭᠤ  ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ  ᠃      ᠬᠤᠷᠠᠯ ᠠᠴᠠ ᠰᠦᠨ ᠱᠤᠤ ᠴᠧᠩ ᠱᠦᠵᠢ ᠶᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠳᠣᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠬᠠᠮᠲᠤ ᠶᠢᠨ ᠶᠠᠷᠢᠯᠴᠠᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿︿ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠰᠠᠨᠠᠯ﹀﹀ ᠤᠨ ᠮᠡᠳᠡᠭᠳᠡᠯ᠂ ︿︿ᠲᠥᠪ ᠤᠨ ᠢᠯᠵᠠᠷᠠᠯ ᠢ ᠡᠰᠡᠷᠭᠦᠴᠡᠬᠦ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠲᠥᠯᠥᠪᠵᠢᠭᠦᠯᠭᠡ﹀﹀ ᠶᠢᠨ ᠮᠡᠳᠡᠭᠳᠡᠯ ᠪᠣᠯᠤᠨ ᠰᠦᠨ ᠱᠤᠤ ᠴᠧᠩ ᠨᠥᠬᠦᠷ ᠤᠨ ᠪᠦᠬᠦ ᠣᠷᠣᠨ ᠤ ᠤᠳᠤᠷᠢᠳᠬᠤ ᠺᠠᠳ᠋ᠷ ᠤᠨ ᠶᠡᠭᠡ ᠬᠤᠷᠠᠯ ᠳᠡᠭᠡᠷᠡᠬᠢ ᠶᠠᠷᠢᠶ᠎ᠠ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠵᠤ ᠣᠶᠢᠯᠠᠭᠠᠯᠴᠠᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠳᠤᠮᠳᠠ 《ᠫᠦᠵᠢᠶᠠᠩ  ᠤᠨ ᠲᠤᠷᠰᠢᠯᠭ᠎ᠠ 》 ᠪᠠ 《 ᠮᠢᠩᠭᠠᠨ ᠲᠦᠮᠡᠨ ᠢᠨᠵᠧᠨᠧᠷᠢᠩ ᠤᠨ ᠲᠤᠷᠰᠢᠯᠭ᠎ᠠ 》 ᠶᠢ ᠰᠤᠷᠤᠯᠴᠠᠨ ᠬᠡᠷᠡᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ᠢ ᠬᠠᠮᠲᠦ ᠪᠠᠷ ᠰᠤᠷᠤᠯᠴᠠᠪᠠ  ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠬᠢᠨᠠᠨ ᠵᠥᠪᠯᠡᠪᠡ  ᠃      ᠬᠤᠷᠠᠯ ᠠᠴᠠ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ  ᠃ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ︿︿ᠬᠤᠶᠠᠷ ᠢ ᠤᠶᠠᠯᠳᠤᠭᠤᠯᠬᠤ﹀﹀ ᠪᠠ ︿︿ᠵᠢᠷᠭᠤᠭ᠎ᠠ ᠶᠢ ᠡᠷᠬᠡᠪᠰᠢ ᠪᠠᠷᠢᠮᠲᠠᠯᠠᠬᠤ﹀﹀ ᠶᠢ ᠰᠠᠶᠢᠲᠤᠷ ᠰᠤᠷᠤᠯᠴᠠᠵᠤ᠂ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠡᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠬᠤᠰᠢᠭᠤ ᠪᠠᠷ ᠢᠶᠠᠨ ᠰᠦᠨ ᠱᠤᠤ ᠴᠧᠩ ᠱᠦᠵᠢ ᠶᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠮ ᠴᠢᠨᠠᠭᠰᠢᠳᠠ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠨᠠᠷᠢᠯᠢᠭ ᠠᠳᠬᠤᠬᠤ ᠬᠡᠷᠡᠭᠲᠡᠢ᠃ ᠰᠢᠨ᠎ᠡ ᠴᠠᠭ ᠦᠶ᠎ᠡ  ᠶᠢᠨ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠣᠯᠤᠨ ᠴᠢᠭᠯᠡᠯ ᠢ ᠪᠠᠲᠤ ᠡᠵᠡᠮᠳᠡᠵᠦ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠤᠭᠤᠳᠤᠯᠭ᠎ᠠ ᠶᠢ ᠬᠦᠴᠦᠯᠡᠨ ᠴᠢᠩᠭᠠᠳᠬᠠᠵᠤ᠂ ᠵᠠᠯᠠᠭᠤᠴᠤᠳ ᠤᠨ ᠨᠠᠮ  ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠦᠳᠦᠯᠦᠨ ᠵᠢᠯᠣᠭᠤᠳᠴᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠧᠦ ᠢᠦᠢ ᠯᠦᠩ ᠪᠣᠯᠣᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠪᠣᠯᠣᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号