ᠮᠣᠩᠭᠤᠯ ᠦᠨᠳᠦᠰᠦᠲᠡᠨ ᠤ ᠮᠣᠷᠢᠨ ᠬᠤᠭᠤᠷ ᠤᠨ ᠬᠥᠭᠵᠢᠮ
ᠨᠡᠶᠢᠲᠡᠯᠡᠭᠰᠡᠨ ᠴᠠᠭ᠄
2023/9/11
      ᠮᠣᠷᠢᠨ ᠬᠤᠭᠤᠷ ᠪᠣᠯ ᠮᠣᠩᠭᠤᠯ ᠦᠨᠳᠦᠰᠦᠲᠡᠨ ᠤ ᠳᠠᠭᠤᠤ ᠬᠥᠭᠵᠢᠮ ᠤᠨ ᠰᠣᠶᠣᠯ ᠤᠨ ᠨᠡᠶᠢᠲᠡᠯᠢᠭ ᠲᠥᠯᠥᠭᠡᠯᠡᠭᠴᠢ ᠮᠥᠨ᠂ ᠲᠡᠭᠦᠨ ᠤ ᠳᠦᠷᠰᠦ ᠪᠦᠲᠦᠭᠡᠯᠲᠡ᠂ ᠦᠢᠯᠡᠳᠬᠦ ᠮᠠᠲ᠋ᠧᠷᠢᠶᠠᠯ᠂ ᠠᠪᠢᠶᠠᠨ ᠤ ᠥᠩᠭᠡ᠂ ᠬᠥᠭᠵᠢᠮ ᠤᠨ ᠢᠯᠡᠷᠡᠭᠦᠯᠦᠯ ᠤᠨ ᠬᠡᠪ ᠨᠠᠮᠪᠠ ᠪᠠ ᠬᠥᠭᠵᠢᠮᠳᠡᠬᠦ ᠠᠷᠭ᠎ᠠ ᠨᠢ ᠴᠥᠮ ᠮᠣᠩᠭᠤᠯ ᠦᠨᠳᠦᠰᠦᠲᠡᠨ ᠤ ᠵᠠᠩ ᠴᠢᠨᠠᠷ ᠤᠨ ᠠᠭᠤᠯᠬᠤᠨ ᠢ ᠬᠠᠷᠠᠭᠤᠯᠵᠤ᠂ ᠮᠣᠩᠭᠤᠯ ᠦᠨᠳᠦᠰᠦᠲᠡᠨ ᠤ ᠨᠡᠭᠦᠳᠡᠯ ᠠᠮᠢᠳᠤᠷᠠᠯ ᠤᠨ ᠲᠡᠦᠬᠡᠨ ᠬᠡᠯᠪᠡᠷᠢ ᠪᠠᠶᠢᠳᠠᠯ ᠢ ᠭᠦᠢᠴᠡᠳ ᠲᠤᠰᠬᠠᠵᠤ᠂ ᠮᠣᠩᠭᠤᠯ ᠦᠨᠳᠦᠰᠦᠲᠡᠨ ᠤ ᠪᠠᠶᠢᠭᠠᠯᠢ ᠶᠢᠨ ᠭᠦᠨ ᠤᠬᠠᠭᠠᠨ ᠤ ᠰᠢᠨᠵᠢ ᠶᠢᠨ ᠲᠤᠬᠠᠢ ᠪᠣᠳᠣᠯᠬᠢᠯᠠᠯ ᠪᠠ ᠣᠶᠢᠯᠠᠭᠠᠯᠲᠠ ᠶᠢ ᠢᠯᠡᠳᠬᠡᠵᠦ ᠪᠠᠶᠢᠳᠠᠭ᠃ ᠮᠣᠷᠢᠨ ᠬᠤᠭᠤᠷ ᠢ ᠵᠠᠷᠢᠮ ᠠᠯᠪᠠᠨ ᠶᠣᠰᠣᠨ ᠤ ᠪᠠ ᠦᠪᠡᠳᠡᠭᠰᠢ ᠶᠡᠭᠡ ᠲᠠᠯᠠᠪᠤᠷ ᠲᠤ ᠬᠥᠭᠵᠢᠮᠳᠡᠬᠦ ᠪᠠᠷ ᠪᠠᠷᠠᠬᠤ ᠦᠭᠡᠢ᠂ ᠪᠠᠰᠠ ᠠᠷᠠᠳ ᠤᠨ ᠬᠤᠷᠢᠮ ᠤᠨ ᠶᠣᠰᠣᠯᠠᠯ ᠪᠠ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ ᠵᠡᠷᠭᠡ ᠡᠳᠦᠷ ᠲᠤᠲᠤᠮ ᠤᠨ ᠠᠵᠢᠯᠯᠠᠭ᠎ᠠ ᠳᠤ ᠴᠤ ᠲᠣᠭᠯᠠᠳᠠᠭ᠃ ᠳᠠᠭᠤᠤ ᠬᠥᠭᠵᠢᠮ ᠳᠤ ᠬᠠᠪᠰᠤᠷᠭᠠᠵᠤ ᠪᠣᠯᠬᠤ ᠮᠥᠷᠲᠡᠭᠡᠨ ᠪᠠᠰᠠ ᠭᠤᠴᠣᠯᠠᠯ ᠬᠥᠭᠵᠢᠮ ᠤᠨ ᠭᠠᠷᠴᠠᠭ ᠢ ᠬᠥᠭᠵᠢᠮᠳᠡᠵᠦ ᠪᠣᠯᠣᠨ᠎ᠠ᠃ ᠮᠣᠷᠢᠨ ᠬᠤᠭᠤᠷ ᠨᠢ ᠮᠣᠩᠭᠤᠯ ᠦᠨᠳᠦᠰᠦᠲᠡᠨ ᠤ ᠰᠣᠶᠣᠯ ᠳᠤ ᠲᠦᠢᠯ ᠢᠶᠠᠷ ᠬᠦᠨᠳᠦᠳᠬᠡᠭᠳᠡᠵᠦ᠂ ᠮᠣᠩᠭᠤᠯ ᠦᠨᠳᠦᠰᠦᠲᠡᠨ ᠤ ᠰᠣᠶᠣᠯ ᠤᠨ ᠲᠦᠢᠯ ᠤᠨ ᠴᠢᠬᠤᠯᠠ ᠢᠯᠡᠷᠡᠭᠦᠯᠦᠯ ᠤᠨ ᠬᠡᠯᠪᠡᠷᠢ ᠪᠣᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号