9 ᠰᠠᠷ᠎ᠠ ᠶᠢᠨ 6 ᠤ ᠡᠳᠦᠷ᠂ ᠮᠠᠨᠳᠤᠬᠤᠪᠤᠯᠠᠭ ᠪᠠᠯᠭᠠᠰᠤ ᠨᠠᠮᠤᠷ ᠤᠨ ᠤᠯᠠᠷᠢᠯ ᠤᠨ ᠭᠤᠣᠯᠳᠠᠯᠭᠠᠲᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ | ᠭᠡᠰᠢᠬᠦᠳ᠂ ᠲᠥᠪ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ | ᠬᠤᠶᠠᠷ ᠵᠥᠪᠯᠡᠯ︾ ᠤᠨ ᠭᠡᠰᠢᠬᠦᠳ᠂ ᠬᠠᠷᠢᠶ᠎ᠠ ᠣᠷᠤᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠪᠥᠬᠦ | ᠺᠠᠳ᠋ᠷ ᠠᠵᠢᠯᠲᠠᠨ ᠬᠤᠷᠠᠯ ᠳᠤ ᠣᠷᠤᠯᠴᠠᠨ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠤ ᠣᠷᠣᠯᠠᠭᠴᠢ ᠳᠠᠷᠤᠭ᠎ᠠ ᠮᠥᠩᠬᠡ ᠡᠷᠭᠢᠯᠡᠵᠡᠶ᠃ | ᠬᠤᠷᠠᠯ ᠠᠴᠠ ᠪᠦᠬᠦ ᠬᠤᠰᠢᠭᠤᠨ ᠤ 2023 ᠣᠨ ᠤ ᠨᠠᠮᠤᠷ ᠤᠨ ᠤᠯᠠᠷᠢᠯ ᠤᠨ ᠮᠠᠯᠵᠢᠬᠤ ᠣᠷᠣᠨ ᠤ | ᠭᠤᠣᠯᠳᠠᠯᠭᠠᠲᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ᠂ ᠬᠠᠳᠤᠯᠠᠩ ᠪᠡᠯᠴᠢᠭᠡᠷ ᠢ ᠬᠠᠮᠢᠶᠠᠷᠬᠤ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ | ᠭᠠᠷᠭᠠᠯᠲᠠ᠂ ᠨᠠᠮᠤᠷ ᠤᠨ ᠤᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ᠂ ᠦᠵᠦᠮᠦᠴᠢᠨ ᠬᠤᠨᠢᠨ ᠤ ᠬᠡᠭᠡᠯᠲᠦᠭᠦᠯᠭᠡ᠂ ᠨᠠᠮᠤᠷ ᠤᠨ ᠤᠯᠠᠷᠢᠯ ᠤᠨ ᠲᠠᠯ᠎ᠠ | ᠨᠤᠲᠤᠭ ᠤᠨ ᠭᠠᠯ ᠤᠨ ᠠᠶᠤᠯ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠠᠮᠤᠷ ᠠᠮᠤᠭᠤᠯᠠᠩ ᠤᠨ ᠪᠦᠲᠦᠭᠡᠨ | ᠪᠠᠶᠢᠭᠤᠯᠤᠯᠲᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ᠂ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠵᠡᠷᠭᠡ ᠣᠳᠣᠬᠠᠨ ᠤ ᠭᠤᠣᠯᠳᠠᠯᠭᠠᠲᠤ ᠠᠵᠢᠯ ᠤᠨ | ᠲᠣᠭᠤᠷᠢᠨ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ | ᠬᠠᠳᠤᠯᠠᠩ ᠬᠠᠳᠤᠵᠤ ᠪᠠᠶᠢᠭ᠎ᠠ ᠪᠠᠶᠢᠳᠠᠯ ᠢ ᠡᠷᠤᠬᠡ ᠳᠠᠷᠠᠭᠠᠯᠠᠨ ᠴᠢᠩᠭ᠎ᠠ ᠲᠣᠭᠤᠷᠢᠨ ᠪᠠᠶᠢᠴᠠᠭᠠᠬᠤ ᠬᠡᠷᠡᠭᠲᠡᠢ᠃ ᠵᠥᠪ | ᠲᠠᠯ᠎ᠠ ᠠᠴᠠ ᠤᠬᠠᠭᠤᠯᠬᠤ ᠪᠠ ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠵᠤ᠂ ᠮᠠᠯᠴᠢᠳ ᠤᠨ | ᠮᠠᠯ ᠤᠨ ᠭᠠᠷᠭᠠᠯᠲᠠ ᠶᠢᠨ ᠠᠵᠢᠯ ᠢ ᠡᠷᠲᠡ᠂ ᠣᠯᠠᠨ᠂ ᠲᠦᠷᠭᠡᠨ ᠶᠠᠪᠤᠭᠳᠠᠭᠤᠯᠬᠤ ᠶᠢ ᠵᠣᠷᠢᠭᠵᠢᠭᠤᠯᠬᠤ ᠬᠡᠷᠡᠭᠲᠡᠢ᠃ | ᠡᠪᠦᠯ ᠤᠨ ᠪᠡᠯᠡᠳᠬᠡᠯ ᠠᠵᠢᠯ ᠢ ᠡᠷᠲᠡᠬᠡᠨ ᠬᠢᠵᠦ᠂ ᠡᠪᠡᠰᠦ ᠪᠣᠷᠳᠤᠭ᠎ᠠ ᠭᠦᠢᠴᠡᠳ ᠨᠥᠭᠡᠴᠡᠯᠡᠬᠦ ᠶᠢ ᠪᠠᠲᠤᠯᠠᠬᠤ | ᠬᠡᠷᠡᠭᠲᠡᠢ᠃ ᠬᠤᠶᠠᠷ ᠲᠤ᠂ ᠦᠵᠦᠮᠦᠴᠢᠨ ᠬᠤᠨᠢᠨ ᠤ ᠬᠡᠭᠡᠯᠲᠦᠭᠦᠯᠭᠡ ᠶᠢᠨ ᠤᠬᠠᠭᠤᠯᠭ᠎ᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠮᠠᠯᠴᠢᠳ ᠤᠨ ᠦᠵᠡᠯ ᠰᠠᠨᠠᠭ᠎ᠠ ᠲᠠᠨᠢᠯᠲᠠ ᠪᠠ ᠢᠳᠡᠪᠬᠢᠵᠢᠯ ᠢ ᠳᠡᠭᠡᠭᠰᠢᠯᠡᠭᠦᠯᠬᠦ | ᠬᠡᠷᠡᠭᠲᠡᠢ᠃ ᠭᠤᠷᠪᠠ ᠳᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠡᠷᠴᠢᠮ ᠪᠠ ᠠᠮᠢᠲᠠᠨ ᠤ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠠᠮᠢᠲᠠᠨ ᠤ ᠬᠢᠵᠢᠭ ᠤᠨ ᠪᠠᠶᠢᠳᠠᠯ ᠤᠨ | ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠬᠥᠳᠡᠯᠦᠩᠭᠦᠢ ᠪᠠᠷ ᠥᠷᠨᠢᠭᠦᠯᠦᠨ᠂ ᠡᠷᠲᠡ ᠠᠴᠠ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠨᠠᠮᠤᠷ ᠤᠨ ᠤᠯᠠᠷᠢᠯ ᠤᠨ ᠲᠠᠯ᠎ᠠ | ᠨᠤᠲᠤᠭ ᠤᠨ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢ ᠰᠠᠶᠢᠲᠤᠷ ᠥᠷᠨᠢᠭᠦᠯᠵᠦ᠂ ᠡᠷᠦᠬᠡ ᠳᠤ | ᠭᠦᠨᠵᠡᠭᠡᠶᠢᠷᠡᠨ ᠰᠤᠷᠪᠤᠯᠵᠢᠯᠠᠬᠤ᠂ ᠮᠡᠳᠡᠭᠡ ᠵᠠᠩᠭᠢ ᠨᠡᠶᠢᠲᠡᠯᠡᠬᠦ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠥᠰᠥᠭ ᠵᠢᠷᠤᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠪᠠ ᠬᠡᠭᠡᠷ᠎ᠡ ᠭᠠᠳᠠᠨ᠎ᠠ ᠠᠵᠢᠯᠯᠠᠬᠤ ᠶᠢᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠠᠶᠤᠯᠭᠦᠢ | ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠦᠢᠯᠡᠳᠪᠦᠷᠢᠯᠡᠯ ᠠᠮᠢᠳᠤᠷᠠᠯ ᠤᠨ ᠠᠵᠢᠯᠯᠠᠭᠠᠨ ᠤ | ᠠᠶᠤᠯᠭᠦᠢ ᠦᠢᠯᠡᠳᠪᠦᠷᠢᠯᠡᠯ ᠢ ᠬᠤᠶᠠᠷ ᠲᠠᠯ᠎ᠠ ᠪᠠᠷ ᠠᠳᠬᠤᠬᠤ ᠬᠡᠷᠡᠭᠲᠡᠢ᠃ ᠵᠢᠷᠭᠤᠭ᠎ᠠ ᠳᠤ᠂ ᠨᠡᠶᠢᠭᠡᠮ ᠤᠨ ᠵᠥᠷᠢᠴᠡᠯ | ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠢ | ᠴᠡᠭᠴᠡᠯᠡᠨ ᠵᠠᠰᠠᠬᠤ ᠶᠢ ᠴᠢᠩᠭᠠᠳᠬᠠᠨ᠂ ᠠᠮᠢᠨ ᠬᠡᠷᠡᠭ ᠡᠭᠦᠰᠬᠦ ᠶᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠪᠦᠬᠦ ᠪᠠᠯᠭᠠᠰᠤᠨ ᠳᠤ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠤᠯᠤᠭ᠎ᠠ ᠳᠤ᠂ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ ᠲᠤᠰᠢᠶᠠᠬᠤ ᠠᠵᠢᠯ ᠢ ᠰᠠᠶᠢᠲᠤᠷ ᠬᠢᠵᠦ᠂ ᠪᠠᠯᠭᠠᠰᠤ᠂ ᠭᠠᠴᠠᠭ᠎ᠠ ᠬᠤᠶᠠᠷ ᠱᠠᠲᠤ | ᠬᠤᠯᠪᠤᠭᠠᠯᠠᠨ ᠬᠥᠳᠡᠯᠦᠯᠴᠡᠵᠦ ᠲᠠᠲᠠᠪᠤᠷᠢᠯᠠᠨ ᠲᠤᠰᠢᠶᠠᠬᠤ ᠬᠥᠳᠡᠯᠦᠩᠭᠦᠢ ᠬᠠᠮᠢᠶᠠᠷᠤᠯᠲᠠ ᠶᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠮᠠᠯᠴᠢᠨ ᠲᠦᠮᠡᠨ ᠤ ᠸᠢᠴᠠᠲ᠂ ᠮᠥᠩᠭᠡ ᠰᠤᠪᠠᠭ ᠵᠡᠷᠭᠡ ᠥᠪᠡᠷ ᠢᠶᠠᠨ | ᠦᠢᠯᠡᠴᠢᠯᠡᠬᠦ ᠠᠷᠭ᠎ᠠ ᠬᠡᠯᠪᠡᠷᠢ ᠶᠢ ᠰᠠᠶᠢᠲᠤᠷ ᠠᠰᠢᠭᠯᠠᠨ ᠰᠦᠢᠳᠬᠡᠯ ᠲᠤᠰᠢᠶᠠᠬᠤ ᠶᠢ ᠵᠣᠷᠢᠭᠵᠢᠭᠤᠯᠤᠨ ᠪᠡᠶᠡᠯᠡᠭᠦᠯᠬᠦ | ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣ ᠶᠠᠭ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠪᠠᠶᠢᠨ᠎ᠠ᠂ ᠦᠨᠳᠦᠰᠦᠨ ᠱᠠᠲᠤᠨ ᠤ ᠠᠵᠢᠯ ᠢ ︽ᠲᠠᠪᠤᠨ ᠶᠡᠭᠡ ᠡᠭᠦᠷᠭᠡ︾ ᠪᠣᠯᠣᠨ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ︽ᠨᠢᠭᠡ ᠵᠢᠷᠤᠭ ᠲᠥᠰᠥᠪ ᠢ ᠡᠴᠦᠰ ᠲᠤᠨᠢ | ᠲᠤᠯᠲᠠᠯ᠎ᠠ ᠵᠢᠷᠤᠭᠯᠠᠬᠤ︾ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠠᠵᠢᠯ ᠤᠨ ᠣᠪᠣᠷ ᠢᠶᠠᠨ ᠲᠥᠪ ᠪᠣᠯᠭᠠᠵᠤ᠂ | ᠠᠵᠢᠯ ᠤᠨ ᠡᠷᠴᠢᠮ ᠢᠶᠠᠨ ᠨᠠᠶᠢᠳᠠᠪᠤᠷᠢᠵᠢᠭᠤᠯᠬᠤ ᠬᠡᠷᠡᠭᠲᠡᠢ᠃ ᠣᠪᠣᠷ ᠪᠣᠯ ᠨᠢᠭᠡ ᠵᠦᠢᠯ ᠤᠨ ᠬᠦᠴᠦᠨ ᠮᠥᠨ᠂ | ᠠᠵᠢᠯ ᠳᠠᠭᠠᠨ ᠰᠡᠳᠬᠢᠯ ᠲᠠᠯᠪᠢᠨ ᠬᠠᠨᠳᠤᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ | ᠰᠠᠨᠠᠭ᠎ᠠ ᠲᠠᠨᠢᠯᠲᠠ ᠪᠠᠨ ᠨᠢᠭᠡᠳᠭᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠳᠣᠪᠤᠶᠢᠯᠭᠠᠨ᠂ ︽ᠲᠦᠷᠦᠭᠦᠨ ᠳᠤᠨᠢ | ᠴᠢᠩᠭ᠎ᠠ ᠠᠳᠬᠤᠵᠤ᠂ ᠲᠦᠷᠦᠭᠦᠨ ᠳᠤᠨᠢ ᠲᠦᠷᠭᠡᠨ ᠬᠢᠵᠦ᠂ ᠲᠦᠷᠦᠭᠦᠨ ᠳᠤᠨᠢ ᠠᠵᠢᠯᠯᠠᠬᠤ︾ ᠪᠠᠶᠢᠳᠠᠯ ᠢᠶᠠᠷ ᠡᠯ᠎ᠡ | ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠠᠵᠢᠯ ᠶᠠᠪᠤᠳᠠᠯ ᠬᠢᠬᠦ ᠬᠡᠷᠡᠭᠲᠡᠢ᠃ ᠪᠦᠬᠦ ᠪᠠᠯᠭᠠᠰᠤ ᠪᠠᠷ ᠢᠶᠠᠨ ᠪᠦᠯᠬᠦᠮᠳᠡᠨ ᠨᠢᠭᠡᠳᠴᠦ᠂ ᠬᠠᠮᠲᠤ ᠪᠠᠷ ᠲᠡᠮᠡᠴᠡᠬᠦ | ᠬᠦᠴᠦᠨ ᠢ ᠨᠢᠭᠲᠠᠷᠠᠭᠤᠯᠤᠨ᠂ ᠬᠠᠷᠠᠮ ᠦᠭᠡᠢ ᠵᠣᠷᠢᠭᠤᠯᠬᠤ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ ᠵᠣᠷᠢᠭ ᠰᠠᠨᠠᠭ᠎ᠠ ᠪᠣᠯᠣᠨ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠳᠠᠭᠠᠨ ᠨᠡᠩ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠃ ᠭᠤᠷᠪᠠ ᠳᠤ᠂ ᠰᠢᠯᠢᠳᠡᠭ ᠰᠤᠷᠲᠠᠯ ᠢ ᠳᠠᠪᠲᠠᠨ | ᠪᠣᠯᠪᠠᠰᠤᠷᠠᠭᠤᠯᠵᠤ᠂ ᠦᠷᠭᠦᠯᠵᠢ ︽ᠡᠷᠭᠢᠨ ᠬᠠᠷᠠᠬᠤ︾ ᠬᠡᠷᠡᠭᠲᠡᠢ᠃ ᠪᠦᠬᠦ ᠲᠠᠯ᠎ᠠ ᠶᠢᠨ ᠠᠵᠢᠯ ᠤᠨ ︽ᠡᠷᠭᠢᠨ | ᠬᠠᠷᠠᠬᠤ︾ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠭᠢᠨ ᠬᠠᠷᠠᠵᠤ᠂ ᠠᠰᠠᠭᠤᠳᠠᠯ ᠢ ᠡᠷᠢᠵᠦ᠂ | ᠳᠤᠲᠠᠭᠳᠠᠯ ᠢ ᠡᠷᠢᠯᠬᠢᠯᠡᠨ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ︽ᠠᠯᠵᠠᠭᠤ ᠬᠤᠶᠢᠷᠭᠤ ᠪᠠᠶᠢᠬᠤ︾ | ᠶᠢ ᠲᠡᠪᠴᠢᠵᠦ᠂ ︽ᠠᠵᠢᠯᠴᠢ ᠲᠦᠷᠭᠡᠨ ᠴᠢᠩᠭ᠎ᠠ ᠪᠣᠳᠠᠲᠠᠢ ᠨᠠᠷᠢᠯᠢᠭ ᠠᠷᠢᠭᠤᠨ ᠴᠢᠬᠡᠴᠢ︾ ᠪᠠᠶᠢᠬᠤ ᠶᠢ ᠪᠡᠶᠡᠯᠡᠭᠦᠯᠬᠦ | ᠬᠡᠷᠡᠭᠲᠡᠢ᠃ | ᠬᠤᠷᠠᠯ ᠳᠤ᠂ ᠡᠯ᠎ᠡ ᠭᠠᠴᠠᠭ᠎ᠠ ᠲᠠᠢ ᠨᠠᠮᠤᠷ ᠤᠨ ᠤᠯᠠᠷᠢᠯ ᠤᠨ ᠭᠤᠣᠯᠳᠠᠯᠭᠠᠲᠤ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠣᠭᠲᠠᠵᠤ ᠭᠠᠷ ᠤᠨ ᠦᠰᠦᠭ ᠵᠢᠷᠤᠬᠤ ᠶᠢᠨ ᠬᠠᠮᠲᠤ ᠬᠠᠷᠢᠶ᠎ᠠ ᠣᠷᠤᠨ ᠤ ᠠᠵᠤ | ᠠᠬᠤᠶᠢᠯᠠᠯ ᠲᠠᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ᠂ ᠭᠠᠯ ᠤᠨ ᠠᠶᠤᠯ ᠢ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ ᠲᠣᠭᠲᠠᠵᠤ ᠭᠠᠷ ᠤᠨ ᠦᠰᠦᠭ ᠵᠢᠷᠤᠪᠠ᠃ |