ᠨᠠᠮᠤᠷ ᠤᠨ ᠤᠯᠠᠷᠢᠯ ᠤᠨ ᠡᠪᠡᠰᠦ ᠬᠠᠳᠤᠬᠤ ᠤᠯᠠᠷᠢᠯ ᠵᠢᠴᠢ ᠲᠠᠯ᠎ᠠ ᠨᠤᠲᠤᠭ ᠤᠨ ᠭᠠᠯ ᠤᠨ ᠠᠶᠤᠯ ᠤᠯᠠᠨ | ᠡᠭᠦᠰᠬᠦ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠨᠠᠮᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ | ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠮᠠᠨᠳᠤᠬᠤᠪᠤᠯᠠᠭ ᠪᠠᠯᠭᠠᠰᠤ | ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠵᠢᠯ ᠤᠳ ᠢ | ᠥᠷᠨᠢᠭᠦᠯᠵᠡᠢ᠃ | ᠨᠠᠮᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ | 9 ᠰᠠᠷ᠎ᠠ ᠶᠢᠨ 6 ᠤ ᠡᠳᠦᠷ᠂ ᠮᠠᠨᠳᠤᠬᠤᠪᠤᠯᠠᠭ ᠪᠠᠯᠭᠠᠰᠤ ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ | ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ | ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠭᠠᠴᠠᠭ᠎ᠠ ︵ᠨᠡᠶᠢᠭᠡᠮ ᠲᠣᠭᠤᠷᠢᠭ︶᠂ ᠠᠷᠤ ᠬᠠᠳᠠ | ᠠᠭᠤᠷᠬᠠᠢ ᠶᠢᠨ ᠦᠢᠯᠡᠰ᠂ ᠰᠢᠯᠢᠨ ᠠᠭᠤᠷᠬᠠᠢ ᠶᠢᠨ ᠦᠢᠯᠡᠰ᠂ 331 ᠤᠯᠤᠰ ᠤᠨ ᠵᠠᠮ ᠤᠨ ᠨᠢᠭᠡᠳᠦᠭᠡᠷ᠂ | ᠬᠤᠶᠠᠳᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠠᠩᠭᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ ᠭᠠᠯ ᠤᠨ ᠠᠶᠤᠯ ᠢ | ᠰᠡᠷᠭᠡᠶᠢᠯᠡᠬᠦ ᠬᠤᠭᠤᠴᠠᠭ᠎ᠠ ᠣᠶᠢᠷᠠᠳᠴᠤ᠂ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ | ᠪᠠᠶᠢᠳᠠᠯ ᠬᠦᠨᠳᠦ ᠨᠣᠴᠢᠲᠠᠢ ᠪᠠᠶᠢᠨ᠎ᠠ᠃ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠭᠠᠯ ᠤᠨ ᠠᠶᠤᠯ ᠢ ᠰᠡᠷᠭᠡᠶᠢᠯᠡᠬᠦ ᠡᠳ᠋ ᠪᠣᠳᠠᠰ ᠪᠠ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢ | ᠤᠷᠢᠳᠴᠢᠯᠠᠨ ᠰᠠᠶᠢᠲᠤᠷ ᠬᠢᠵᠦ᠂ ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠬᠦ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠲᠠᠯ᠎ᠠ ᠨᠤᠲᠤᠭ ᠤᠨ ᠭᠠᠯ ᠤᠨ ᠠᠶᠤᠯ ᠤᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠡᠷᠲᠡ ᠠᠴᠠ ᠴᠣᠬᠢᠯᠲᠠ ᠥᠭᠬᠦ᠂ | ᠪᠠᠭ᠎ᠠ ᠳᠤᠨᠢ ᠴᠣᠬᠢᠯᠲᠠ ᠥᠭᠬᠦ ᠶᠢ ᠡᠷᠡᠰ ᠪᠠᠷᠢᠮᠲᠠᠯᠠᠨ᠂ ᠭᠡᠨᠡᠳᠲᠡ ᠶᠢᠨ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠲᠠᠯ᠎ᠠ ᠨᠤᠲᠤᠭ ᠤᠨ ᠭᠠᠯ ᠤᠨ ᠠᠶᠤᠯ ᠤᠨ ᠪᠠᠶᠢᠳᠠᠯ ᠢ | ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠳᠠᠭᠠᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠪᠠ | ᠣᠷᠬᠢᠭᠳᠠᠭᠤᠯᠤᠨ ᠮᠡᠳᠡᠭᠦᠯᠬᠦ ᠦᠵᠡᠭᠳᠡᠯ ᠢ ᠡᠷᠡᠰ ᠬᠤᠷᠢᠭᠯᠠᠨ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ | ᠦᠨᠡᠨᠬᠦ ᠪᠠᠲᠤᠯᠠᠵᠤ᠂ ᠠᠷᠠᠳ ᠤᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠠᠯ ᠤᠨ ᠠᠶᠤᠯ ᠢ ᠰᠡᠷᠭᠡᠶᠢᠯᠡᠨ ᠠᠷᠭᠠᠴᠠᠬᠤ ᠰᠤᠷᠢᠯᠲᠠ | 9 ᠰᠠᠷ᠎ᠠ ᠶᠢᠨ 6 ᠤ ᠡᠳᠦᠷ᠂ ᠮᠠᠨᠳᠤᠬᠤᠪᠤᠯᠠᠭ ᠪᠠᠯᠭᠠᠰᠤ ᠬᠤᠰᠢᠭᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ | ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠥᠷᠨᠢᠭᠦᠯᠵᠦ᠂ ᠠᠷᠤ ᠬᠠᠳᠠ ᠠᠭᠤᠷᠬᠠᠢ ᠶᠢᠨ ᠦᠢᠯᠡᠰ᠂ ᠰᠢᠯᠢᠨ ᠠᠭᠤᠷᠬᠠᠢ ᠶᠢᠨ ᠦᠢᠯᠡᠰ᠂ 331 ᠤᠯᠤᠰ ᠤᠨ | ᠵᠠᠮ ᠤᠨ ᠨᠢᠭᠡᠳᠦᠭᠡᠷ᠂ ᠬᠤᠶᠠᠳᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠠᠩᠭᠢ᠂ ᠭᠠᠴᠠᠭᠠᠨ ᠤ ᠮᠠᠯᠴᠢᠳ | ᠰᠣᠷᠤᠯᠲᠠ ᠳᠤ ᠣᠷᠣᠯᠴᠠᠵᠠᠢ᠃ | ᠠᠵᠢᠯᠯᠠᠭ᠎ᠠ ᠶᠢᠨ ᠳᠤᠮᠳᠠ᠂ ᠵᠡᠭᠦᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠶᠢᠨ ᠨᠥᠬᠦᠳ᠂ ᠣᠯᠠᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ︽ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ︾᠂ ︽ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠮᠤᠷ | ᠲᠦᠪᠰᠢᠨ ᠬᠢᠭᠡᠳ ᠥᠪᠡᠷ ᠢ ᠪᠠᠨ ᠠᠪᠤᠷᠠᠬᠤ︾᠂ ︽ᠭᠡᠷ ᠪᠦᠯᠢ ᠶᠢᠨ ᠠᠮᠤᠷ ᠲᠦᠪᠰᠢᠨ ᠢᠶᠠᠷ ᠭᠠᠯ ᠬᠡᠷᠡᠭᠯᠡᠬᠦ᠂ | ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ︾ ᠵᠡᠷᠭᠡ ᠲᠠᠯ᠎ᠠ ᠶᠢᠨ ᠰᠠᠭᠤᠷᠢ ᠮᠡᠳᠡᠯᠭᠡ᠂ ᠰᠠᠯᠬᠢᠨ ᠬᠦᠴᠦᠨ ᠤ ᠭᠠᠯ | ᠤᠨᠲᠠᠷᠠᠭᠠᠬᠤ ᠮᠠᠰᠢᠨ᠂ ᠬᠠᠭᠤᠷᠠᠢ ᠨᠤᠨᠳᠠᠭ ᠤᠨ ᠭᠠᠯ ᠤᠨᠲᠠᠷᠠᠭᠠᠬᠤ ᠮᠠᠰᠢᠨ ᠤ ᠬᠡᠷᠡᠭᠯᠡᠬᠦ ᠠᠷᠭ᠎ᠠ᠂ ᠠᠩᠬᠠᠷᠬᠤ ᠵᠦᠢᠯ | ᠵᠢᠴᠢ ᠰᠡᠯᠪᠢᠨ ᠵᠠᠰᠠᠵᠤ ᠠᠷᠠᠴᠢᠯᠠᠬᠤ ᠬᠠᠮᠢᠶ᠎ᠠ ᠪᠦᠬᠦᠢ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠠᠯᠬᠢᠨ ᠬᠦᠴᠦᠨ ᠤ | ᠭᠠᠯ ᠤᠨᠲᠠᠷᠠᠭᠠᠬᠤ ᠮᠠᠰᠢᠨ ᠢ ᠭᠠᠯ ᠭᠠᠷᠤᠭᠰᠠᠨ ᠭᠠᠵᠠᠷ ᠲᠤ ᠬᠡᠷᠡᠭᠯᠡᠬᠦ ᠠᠷᠭ᠎ᠠ ᠶᠢ ᠪᠣᠳᠠᠲᠠᠢ ᠪᠠᠷ ᠲᠠᠶᠢᠯᠪᠤᠷᠢᠯᠠᠵᠤ᠂ | ᠪᠣᠯᠪᠠᠰᠤᠷᠠᠯ ᠳᠤ ᠣᠷᠣᠯᠴᠠᠭᠰᠠᠳ ᠢ ᠵᠢᠯᠣᠭᠤᠳᠤᠨ ᠲᠣᠨᠤᠭ ᠲᠥᠬᠦᠭᠡᠷᠦᠮᠵᠢ ᠶᠢ ᠵᠠᠳᠠᠯᠬᠤ᠂ ᠤᠭᠰᠠᠷᠠᠬᠤ ᠵᠢᠴᠢ | ᠬᠡᠷᠡᠭᠯᠡᠬᠦ ᠶᠢ ᠵᠢᠭᠠᠵᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠤᠯᠠᠮ | ᠨᠢᠭᠡ ᠠᠯᠬᠤᠮ ᠰᠠᠶᠢᠨ ᠡᠵᠡᠮᠰᠢᠭᠦᠯᠦᠭᠰᠡᠨ ᠪᠠᠶᠢᠨ᠎ᠠ᠃ ᠡᠭᠦᠨ ᠤ ᠬᠠᠮᠲᠤ ᠪᠠᠰᠠ ᠭᠠᠯ ᠤᠨ ᠠᠶᠤᠯ ᠢ ᠰᠡᠷᠭᠡᠶᠢᠯᠡᠬᠦ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ | ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠭᠡᠬᠦ ᠦᠵᠡᠯᠲᠡ ᠶᠢ ᠬᠥᠮᠥᠰ ᠤᠨ ᠰᠡᠳᠬᠢᠯ ᠳᠤ ᠨᠠᠩ | ᠭᠦᠨ ᠬᠠᠳᠠᠩᠰᠢᠭᠤᠯᠵᠠᠢ᠃ | ᠠᠵᠢᠯᠯᠠᠭ᠎ᠠ ᠶᠢᠨ ᠡᠴᠦᠰ ᠲᠤ᠂ ᠮᠠᠯᠴᠢᠳ ᠲᠤ 45 ᠡᠭᠦᠷᠦᠪᠴᠢ ᠮᠠᠶ᠋ᠢᠭ ᠤᠨᠰᠠᠯᠬᠢᠨ ᠬᠦᠴᠦᠨ ᠤ ᠭᠠᠯ | ᠤᠨᠲᠠᠷᠠᠭᠠᠬᠤ ᠮᠠᠰᠢᠨ᠂ 60 ᠢᠵᠢ ᠭᠠᠯ ᠤᠨᠲᠠᠷᠠᠭᠠᠬᠤ ᠲᠥᠬᠦᠭᠡᠷᠦᠮᠵᠢ ᠶᠢ ᠦᠨ᠎ᠡ ᠲᠥᠯᠥᠪᠦᠷᠢ ᠦᠭᠡᠢ ᠪᠠᠷ | ᠲᠠᠷᠬᠠᠭᠠᠨ ᠥᠭᠭᠦᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠣᠯᠠᠨ ᠳᠤ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠨ | ᠤᠨᠲᠠᠷᠠᠭᠠᠬᠤ ᠲᠥᠬᠦᠭᠡᠷᠦᠮᠵᠢ ᠶᠢᠨ ᠴᠢᠳᠠᠮᠵᠢ ᠪᠠ ᠠᠵᠢᠯᠯᠠᠬᠤ ᠠᠷᠭ᠎ᠠ ᠶᠢ ᠨᠠᠩ ᠭᠦᠨᠵᠡᠭᠡᠢ ᠣᠶᠢᠯᠠᠭᠠᠭᠤᠯᠵᠤ᠂ | ᠬᠤᠪᠢ ᠬᠥᠮᠥᠨ ᠤ ᠪᠠᠭᠠᠵᠢ ᠬᠡᠷᠡᠭᠰᠡᠯ ᠢ ᠬᠡᠷᠡᠭᠯᠡᠬᠦ ᠬᠢᠷᠢ ᠲᠦᠪᠰᠢᠨ ᠢ ᠴᠦ ᠢᠯᠡᠳᠲᠡ ᠳᠡᠭᠡᠭᠰᠢᠯᠡᠭᠦᠯᠦᠨ᠂ | ᠬᠤᠶᠢᠰᠢᠳᠠ ᠲᠠᠯ᠎ᠠ ᠨᠤᠲᠤᠭ ᠤᠨ ᠭᠠᠯ ᠤᠨ ᠠᠶᠤᠯ ᠢ ᠨᠠᠩ ᠰᠠᠶᠢᠨ ᠤᠨᠲᠠᠷᠠᠭᠠᠬᠤ ᠵᠡᠷᠭᠡ ᠠᠵᠢᠯ ᠳᠤ ᠰᠠᠶᠢᠨ ᠰᠠᠭᠤᠷᠢ | ᠲᠠᠯᠪᠢᠵᠤ᠂ ᠤᠮᠠᠷᠠᠲᠤ ᠬᠢᠯᠢ ᠶᠢᠨ ︽ᠭᠠᠯ ᠤᠨ ᠠᠶᠤᠯ ᠢ ᠰᠡᠷᠭᠡᠶᠢᠯᠡᠬᠦ ᠬᠡᠷᠡᠮ︾ ᠢ ᠤᠯᠠᠮ ᠨᠢᠭᠡ ᠠᠯᠬᠤᠮ | ᠪᠠᠬᠢᠵᠢᠭᠦᠯᠪᠡ᠃ | ᠨᠠᠮᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠪᠠᠲᠤᠯᠠᠪᠠ | ᠨᠠᠮᠤᠷ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ | ᠪᠠᠲᠤᠯᠠᠬᠤ ᠶᠢᠨ ᠲᠥᠯᠥᠭᠡ᠂ ᠮᠠᠨᠳᠤᠬᠤᠪᠤᠯᠠᠭ ᠪᠠᠯᠭᠠᠰᠤ ᠠᠴᠠ ᠪᠦᠬᠦ ᠺᠠᠳ᠋ᠷᠴᠤᠳ ᠢ ᠭᠠᠯ ᠤᠨ ᠠᠶᠤᠯ ᠢ ᠰᠡᠷᠭᠡᠶᠢᠯᠡᠬᠦ | 24 ᠴᠠᠭ ᠤᠨ ᠵᠢᠵᠢᠭᠦᠷ ᠤᠨ ᠲᠣᠬᠢᠷᠠᠭᠤᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠬᠤ ᠶᠢ ᠱᠠᠭᠠᠷᠳᠠᠵᠤ᠂ | ᠭᠠᠯ ᠤᠨ ᠠᠶᠤᠯ ᠢ ᠰᠡᠷᠭᠡᠶᠢᠯᠡᠬᠦ ᠬᠤᠭᠤᠴᠠᠭᠠᠨ ᠳᠤ ᠣᠷᠣᠭᠤᠯᠤᠭᠰᠠᠨ ᠲᠣᠨᠣᠭᠯᠠᠯ ᠡᠳ᠋ ᠪᠣᠳᠠᠰ᠂ ᠭᠠᠯ ᠤᠨᠲᠠᠷᠠᠭᠠᠬᠤ | ᠮᠠᠰᠢᠨ ᠪᠠᠭᠠᠵᠢ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠵᠡᠷᠭᠡ ᠲᠥᠬᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ | ᠵᠠᠰᠠᠵᠤ ᠠᠷᠠᠴᠢᠯᠠᠨ᠂ ᠲᠣᠨᠣᠭᠯᠠᠯ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ᠂ ᠪᠠᠶᠢᠳᠠᠯ ᠰᠠᠶᠢᠨ ᠪᠠᠶᠢᠬᠤ ᠶᠢ | ᠤᠯᠠᠮ ᠴᠢᠨᠠᠭᠰᠢᠳᠠ ᠪᠠᠲᠤᠯᠠᠬᠤ ᠬᠡᠷᠡᠭᠲᠡᠢ᠃ ᠭᠠᠴᠠᠭ᠎ᠠ᠂ ᠬᠠᠷᠢᠶ᠎ᠠ ᠣᠷᠤᠨ ᠤ ᠠᠵᠤ ᠠᠬᠤᠶᠢᠯᠠᠯ ᠲᠠᠢ ᠨᠠᠮᠤᠷ ᠤᠨ | ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠣᠭᠲᠠᠵᠤ ᠭᠠᠷ ᠤᠨ ᠥᠰᠥᠭ ᠵᠢᠷᠤᠵᠤ | ᠂ ᠭᠠᠴᠠᠭ᠎ᠠ ᠳᠠᠭᠠᠭᠠᠴᠢᠯᠠᠭᠰᠠᠨ ᠤᠳᠤᠷᠢᠳᠬᠤ ᠺᠠᠳ᠋ᠷᠴᠤᠳ ᠮᠠᠨᠳᠤᠬᠤᠪᠤᠯᠠᠭ ᠪᠠᠯᠭᠠᠰᠤᠨ ᠤ ᠡᠯ᠎ᠡ ᠭᠠᠴᠠᠭ᠎ᠠ ᠳᠤ | ᠭᠦᠨᠵᠡᠭᠡᠶᠢᠷᠡᠨ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ | ᠥᠰᠥᠭ ᠵᠢᠷᠤᠵᠤ᠂ ᠲᠠᠯ᠎ᠠ ᠨᠤᠲᠤᠭ ᠤᠨ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠪᠥᠬᠦ ᠪᠠᠯᠭᠠᠰᠤᠨ ᠤ ᠨᠠᠮᠤᠷ ᠤᠨ ᠤᠯᠠᠷᠢᠯ ᠤᠨ | ᠭᠠᠯ ᠤᠨ ᠠᠶᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠨᠠᠮᠤᠷ ᠤᠨ | ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠡᠭᠦᠷᠭᠡ ᠶᠢ | ᠪᠤᠳᠠᠳᠠᠢ ᠨᠠᠶᠢᠳᠠᠪᠤᠷᠢᠵᠢᠭᠤᠯᠪᠠ᠃ |