ᠤᠶᠢᠷ᠎ᠠ ᠶᠢᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠬᠡᠷᠡᠭᠵᠢᠭᠦᠯᠵᠦ | ᠲᠣᠭᠤᠷᠢᠨ ᠪᠠᠶᠢᠴᠠᠭᠠᠬᠤ ᠳᠤᠮᠳᠠ᠂ ᠲᠤᠭᠲᠠᠭᠠᠯ ᠠᠴᠠ ᠵᠦᠷᠢᠴᠡᠨ ᠡᠪᠡᠰᠤ ᠬᠠᠳᠤᠭᠰᠠᠨ ᠬᠡᠷᠡᠭ ᠢ ᠪᠠᠶᠢᠴᠠᠭᠠᠨ | ᠰᠢᠢᠳᠪᠦᠷᠢᠯᠡᠪᠡ᠃ | ᠭᠠᠬᠢᠯ ᠰᠤᠮᠤᠨ ᠤ ᠬᠠᠳᠠᠲᠦ ᠭᠠᠴᠠᠭᠠᠨ ᠤ ᠨᠠ᠊ X X ᠲᠤᠭᠲᠠᠭᠠᠯ ᠠᠴᠠ ᠵᠦᠷᠢᠴᠡᠨ ᠤᠷᠢᠳᠴᠢᠯᠠᠨ ᠡᠪᠡᠰᠦ | ᠬᠠᠳᠤᠵᠤ ︵8 ᠰᠠᠷ᠎ᠠ ᠶᠢᠨ 20 ᠤ ᠡᠳᠦᠷ ᠠᠴᠠ ᠡᠮᠦᠨ᠎ᠡ︶᠂ ᠲᠤᠭᠲᠠᠭᠠᠯ ᠠᠴᠠ ᠵᠦᠷᠢᠴᠡᠨ ᠡᠪᠡᠰᠦ ᠬᠠᠳᠤᠭᠰᠠᠨ | ᠲᠠᠯᠠᠪᠠᠶ ᠨᠢ 111 ᠮᠦ᠃ | ᠭᠠᠬᠢᠯ ᠰᠤᠮᠤᠨ ᠤ ᠪᠠᠶᠠᠩᠭᠤᠤᠯ ᠭᠠᠴᠠᠭᠠᠨ ᠤ ᠾᠧ X ᠬᠠᠳᠤᠯᠠᠩ ᠬᠠᠳᠤᠬᠤ ᠵᠦᠪᠰᠢᠶᠡᠷᠡᠯ ᠤᠨ ᠦᠨᠡᠮᠯᠡᠯ | ᠭᠦᠢᠴᠡᠳᠭᠡᠭᠰᠡᠨ ᠦᠭᠡᠢ ᠪᠠᠷ ᠬᠠᠳᠤᠯᠠᠩ ᠬᠠᠳᠤᠵᠤ᠂ ᠲᠤᠭᠲᠠᠭᠠᠯ ᠠᠴᠠ ᠵᠦᠷᠢᠴᠡᠨ ᠡᠪᠡᠰᠦ ᠬᠠᠳᠤᠭᠰᠠᠨ ᠲᠠᠯᠠᠪᠠᠶ | ᠨᠢ 109 ᠮᠦ᠃ | ᠲᠤᠰ ᠦᠶᠯᠡ ᠠᠵᠢᠯᠯᠠᠭ᠎ᠠ ᠨᠢ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠵᠦ᠂ | ᠲᠣᠭᠲᠠᠭᠰᠠᠨ ᠴᠠᠭ ᠲᠤ ᠡᠪᠡᠰᠦ ᠬᠠᠳᠤᠭᠰᠠᠨ ᠦᠭᠡᠢ᠂ ᠲᠣᠭᠲᠠᠭᠠᠯ ᠠᠴᠠ ᠵᠥᠷᠢᠴᠡᠨ ᠡᠪᠡᠰᠦ ᠬᠠᠳᠤᠭᠰᠠᠨ ᠦᠶᠯᠡ | ᠠᠵᠢᠯᠯᠠᠭ᠎ᠠ ᠳᠤ ᠲᠣᠭᠠᠴᠠᠭᠳᠠᠨ᠎ᠠ᠃ ᠡᠨᠡ ᠪᠠᠶᠢᠳᠠᠯ ᠳᠤ ᠭᠠᠬᠢᠯ ᠰᠤᠮᠤᠨ ᠤ ᠠᠷᠠᠳ ᠤᠨ ᠵᠠᠰᠠᠭ ᠤᠨ ᠣᠷᠳᠣᠨ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠠᠳᠠᠲᠦ ᠭᠠᠴᠠᠭᠠᠨ ᠤ ᠨᠠ᠊ X X ᠶᠢ 33300 ᠲᠥᠭᠦᠷᠢᠭ᠂ | ᠪᠠᠶᠠᠩᠭᠤᠤᠯ ᠭᠠᠴᠠᠭᠠᠨ ᠤ ᠾᠧ X ᠶᠢ 21800 ᠲᠥᠭᠦᠷᠢᠭ ᠢᠶᠠᠷ ᠲᠤᠷᠭᠠᠬᠤ ᠵᠠᠰᠠᠭ ᠵᠠᠬᠢᠷᠭᠠᠨ ᠤ ᠰᠢᠢᠳᠬᠡᠯ | ᠥᠭᠴᠡᠢ᠃ | ᠠᠳᠡ᠂ ᠥᠷᠭᠡᠨ ᠤᠯᠠᠨ ᠡᠪᠡᠰᠦ ᠬᠠᠳᠤᠬᠤ ᠮᠠᠯᠵᠢᠬᠤ ᠡᠷᠦᠬᠡ ᠪᠣᠯᠣᠨ ᠭᠤᠣᠯ ᠴᠣᠭᠴᠠ ᠳᠤ ᠲᠥᠪ | ᠴᠢᠩᠭ᠎ᠠ ᠪᠠᠷ ᠰᠠᠨᠠᠭᠤᠯᠬᠤ ᠨᠢ᠄ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠳᠤᠭᠲᠠᠭᠠᠭᠰᠠᠨ ᠬᠠᠳᠤᠯᠠᠩ ᠬᠠᠳᠤᠬᠤ | ᠳᠤᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠠᠢ᠃ ᠬᠡᠷᠪᠡ ᠲᠣᠭᠲᠠᠭᠠᠯ ᠶᠣᠰᠣᠭᠠᠷ ᠳᠠᠩᠰᠠᠯᠠᠭᠤᠯᠬᠤ ᠦᠭᠡᠢ᠂ | ᠤᠷᠢᠳᠴᠢᠯᠠᠨ ᠡᠪᠡᠰᠦ ᠬᠠᠳᠤᠬᠤ ᠪᠤᠶᠤ ᠬᠤᠶᠢᠰᠢᠯᠠᠭᠤᠯᠤᠨ ᠬᠠᠳᠤᠬᠤ᠂ ᠲᠣᠭᠲᠠᠭᠠᠯ ᠶᠣᠰᠣᠭᠠᠷ ᠲᠤᠭᠤᠷᠢᠭ | ᠬᠤᠪᠢᠶᠠᠨ ᠡᠭᠡᠯᠵᠢᠯᠡᠨ ᠬᠠᠳᠤᠬᠤ ᠦᠭᠡᠢ᠂ ᠡᠪᠡᠰᠦᠨ ᠦᠷ᠎ᠡ ᠶᠢᠨ ᠪᠦᠰᠡ ᠦᠯᠡᠳᠡᠭᠡᠬᠦ ᠦᠭᠡᠢ᠂ ᠬᠡᠲᠦᠷᠡᠲᠡᠯ᠎ᠡ | ᠬᠠᠳᠤᠬᠤ᠂ ᠬᠠᠳᠤᠯᠠᠩ ᠤᠨ ᠲᠠᠯᠠᠪᠠᠢ ᠳᠤ ᠮᠠᠯ ᠮᠠᠯᠵᠢᠬᠤ᠂ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠤ | ᠡᠪᠡᠰᠦ ᠬᠠᠳᠤᠬᠤ᠂ ᠭᠠᠯ ᠤᠨ ᠠᠶᠤᠯ ᠠᠴᠠ ᠰᠡᠷᠭᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠵᠡᠷᠭᠡ | ᠲᠣᠭᠲᠠᠭᠠᠯ ᠠᠴᠠ ᠵᠥᠷᠢᠴᠡᠨ ᠡᠪᠡᠰᠦ ᠬᠠᠳᠤᠬᠤ ᠦᠢᠯᠡ ᠠᠵᠢᠯᠯᠠᠭ᠎ᠠ ᠤᠷᠤᠰᠢᠪᠠᠯ ᠴᠥᠮ ᠵᠠᠰᠠᠭ ᠵᠠᠬᠢᠷᠭᠠᠨ ᠤ | ᠰᠢᠢᠳᠬᠡᠯ ᠤᠯᠭᠤᠨ᠎ᠠ᠃ |