ᠭᠠᠬᠢᠯ ᠰᠤᠮᠤᠨ ᠤ ᠪᠠᠶᠠᠩᠭᠤᠤᠯ ᠭᠠᠴᠠᠭ᠎ᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠤ ᠡᠩᠨᠡᠭᠡ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠭᠠᠬᠢᠯ ᠰᠤᠮᠤᠨ ᠤ ᠪᠠᠶᠠᠩᠭᠤᠤᠯ ᠭᠠᠴᠠᠭ᠎ᠠ ᠶᠢᠨ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ  ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠭᠠᠬᠢᠯ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ᠂ ᠭᠠᠴᠠᠭᠠᠨ ᠤ ᠨᠢᠭᠡᠳᠦᠭᠡᠷ ᠱᠦᠵᠢ᠂ ᠭᠠᠴᠠᠭ᠎ᠠ ᠳᠠᠭᠠᠭᠠᠴᠢᠯᠠᠭᠰᠠᠨ ᠺᠠᠳ᠋ᠷ᠂ ᠭᠠᠴᠠᠭᠠᠨ ᠤ ︽ᠬᠤᠶᠠᠷ ᠵᠥᠪᠯᠡᠯ︾ ᠵᠢᠴᠢ ᠭᠠᠴᠠᠭᠠᠨ ᠤ ᠨᠠᠮ ᠤᠨ ᠡᠭᠦᠷ ᠤᠨ ᠬᠡᠰᠡᠭ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠤ ᠲᠡᠷᠢᠭᠦᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠷᠠᠭᠤ ᠠᠯᠳᠠᠷᠲᠤ ᠬᠤᠪᠢᠰᠬᠠᠯ ᠤᠨ ᠲᠡᠦᠬᠡ  ᠶᠢ ᠭᠦᠨᠵᠡᠭᠡᠢ ᠰᠤᠷᠤᠯᠴᠠᠵᠤ᠂ ᠠᠭᠤᠤ ᠶᠡᠭᠡ ᠤᠳᠤᠷᠢᠳᠤᠭᠴᠢ ᠮᠠᠤ ᠽᠧ ᠳ᠋ᠦᠩ ᠨᠥᠬᠦᠷ ᠤᠨ ᠠᠭᠤᠤ ᠭᠠᠪᠢᠶ᠎ᠠ ᠠᠤᠭ᠎ᠠ ᠵᠢᠳᠬᠦᠯ ᠢ ᠬᠠᠮᠲᠤ ᠪᠠᠷ ᠳᠤᠷᠠᠰᠤᠨ ᠰᠠᠨᠠᠭᠠᠯᠵᠠᠵᠤ᠂ ᠨᠠᠮ ᠢᠶᠠᠨ ᠡᠭᠦᠷᠢᠳᠡ ᠳᠠᠭᠠᠬᠤ ᠢᠲᠡᠭᠡᠯ ᠵᠣᠷᠢᠭ ᠢᠶᠠᠨ ᠤᠯᠠᠮ ᠪᠠᠲᠤᠳᠬᠠᠬᠤ ᠶᠢᠨ ᠲᠦᠯᠦᠭᠡ᠂ ᠪᠦᠬᠦ ᠨᠠᠮ ᠤᠨ ᠭᠡᠰᠢᠭᠦᠳ ᠪᠠᠶᠠᠩᠭᠤᠤᠯ ᠭᠠᠴᠠᠭᠠᠨ ᠤ ᠮᠠᠤ ᠲᠡᠷᠢᠭᠦᠯᠡᠭᠴᠢ ᠶᠢᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠵᠣᠭᠰᠣᠵᠤ᠂ ᠮᠠᠤ ᠲᠡᠷᠢᠭᠦᠯᠡᠭᠴᠢ ᠶᠢᠨ ᠳᠤᠷᠠᠰᠬᠠᠯ ᠤᠨ ᠬᠥᠰᠢᠶ᠎ᠡ ᠳᠤ ᠰᠣᠷᠭᠤᠭ ᠴᠡᠴᠡᠭ ᠬᠦᠷᠭᠡᠵᠦ᠂  ᠠᠭᠤᠤ ᠶᠡᠭᠡ ᠤᠳᠤᠷᠢᠳᠤᠭᠴᠢ ᠮᠠᠤ ᠽᠦ ᠳ᠋ᠦᠩ ᠨᠥᠬᠦᠷ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠵᠦ ᠪᠠᠶᠢᠬᠤ ᠪᠠ ᠭᠦᠨ ᠮᠥᠷᠥᠭᠡᠳᠦᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠡᠢ᠃      ︽ᠪᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠰᠠᠶᠢᠨ ᠳᠤᠷ᠎ᠠ ᠠᠴᠠ ᠪᠠᠨ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠨ᠎ᠡ ᠁︾  ᠪᠠᠶᠠᠩᠭᠤᠤᠯ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠳᠠᠭᠠᠭᠤᠯᠭ᠎ᠠ ᠳᠣᠣᠷ᠎ᠠ᠂ ᠪᠦᠬᠦ ᠨᠠᠮ ᠤᠨ ᠭᠡᠰᠢᠭᠦᠨ ᠮᠠᠤ ᠲᠡᠷᠢᠭᠦᠯᠡᠭᠴᠢ ᠶᠢᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠨᠠᠮ ᠤᠨ ᠲᠤᠭ ᠲᠤ ᠬᠠᠨᠳᠤᠭᠤᠯᠤᠨ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠰᠠᠨᠠᠭᠠᠯᠵᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠴᠠᠭ ᠢᠮᠠᠭᠲᠠ ᠪᠠᠲᠤ ᠴᠡᠭᠡᠵᠢᠯᠡᠬᠦ᠂ ᠨᠠᠮ ᠤᠨ ᠳᠦᠷᠢᠮ ᠢ ᠤᠬᠠᠮᠰᠠᠷ ᠠᠴᠠ ᠪᠠᠨ ᠰᠠᠬᠢᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠰᠤᠨ ᠲᠤᠷᠰᠢᠲᠠ ᠦᠢᠯᠡᠳᠦᠯᠭᠡᠵᠢᠭᠦᠯᠬᠦ ᠡᠷᠡᠰ ᠵᠣᠷᠢᠭ ᠢᠶᠠᠨ ᠢᠯᠡᠷᠡᠭᠦᠯᠵᠦ᠂ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠳᠬᠠᠵᠤ᠂ ᠡᠩᠨᠡᠭᠡᠨ ᠤ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠳᠡᠭᠡᠭᠰᠢᠯᠡᠭᠦᠯᠪᠡ᠃      ᠡᠨᠡ ᠬᠤᠭᠤᠴᠠᠭᠠᠨ ᠳᠤ᠂  ᠭᠠᠬᠢᠯ ᠰᠤᠮᠤᠨ ᠤ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠭᠡᠰᠢᠭᠦᠳ  ᠠᠴᠠ ᠤᠯᠠᠨ ᠳᠤ ᠴᠢᠬᠢᠨ ᠳᠤ ᠬᠠᠳᠠᠩᠰᠢᠭᠰᠠᠨ ᠬᠤᠪᠢᠰᠬᠠᠯᠲᠤ ᠳᠠᠭᠤᠤ ᠶᠢ ᠬᠦᠷᠭᠡᠵᠦ᠂  ᠭᠠᠬᠢᠯ ᠰᠤᠮᠤᠨ ᠤ ᠠᠷᠠᠳ ᠲᠦᠮᠡᠨ ᠤ ᠥᠨᠢ ᠡᠭᠦᠷᠢᠳᠡ ᠨᠠᠮ ᠢᠶᠠᠨ ᠳᠠᠭᠠᠬᠤ ᠪᠠᠲᠤ ᠢᠲᠡᠭᠡᠯ ᠢ ᠪᠦᠬᠦ ᠲᠠᠯ᠎ᠠ ᠪᠠᠷ ᠬᠠᠷᠠᠭᠤᠯᠵᠤ᠂ ᠡᠪ ᠬᠠᠮᠲᠤ ᠨᠠᠮ ᠰᠠᠶᠢᠨ᠂ ᠨᠡᠶᠢᠭᠡᠮ ᠵᠢᠷᠤᠮ ᠰᠠᠶᠢᠨ᠂ ᠥᠭᠡᠷᠡᠴᠢᠯᠡᠯᠲᠡ ᠨᠡᠭᠡᠭᠡᠯᠲᠡ ᠰᠠᠶᠢᠨ᠂ ᠠᠭᠤᠤ ᠶᠡᠭᠡ ᠡᠬᠡ ᠤᠯᠤᠰ ᠰᠠᠶᠢᠨ ᠪᠠᠶᠢᠬᠤ ᠴᠠᠭ ᠦᠶ᠎ᠡ ᠶᠢᠨ ᠭᠤᠣᠯ ᠬᠦᠭ ᠠᠶᠠᠰ ᠢ ᠬᠠᠮᠲᠤᠪᠠᠷ ᠴᠤᠤᠷᠢᠶᠠᠲᠤᠭᠤᠯᠵᠠᠢ᠃      ᠪᠠᠶᠠᠩᠭᠤᠤᠯ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠳᠤ᠂ ᠭᠠᠴᠠᠭᠠᠨ ᠤ ᠨᠢᠭᠡᠳᠦᠭᠡᠷ ᠱᠦᠵᠢ ᠴᠠᠩ ᠭᠧᠨ ᠰᠦᠸᠧ ᠠᠴᠠ ︽ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠠᠷᠭ᠎ᠠ ᠵᠠᠮ ᠢ ᠡᠵᠡᠮᠳᠡᠬᠦ︾ ᠲᠣᠭᠤᠷᠢᠨ ᠳᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠠᠵᠢᠯ ᠪᠣᠯᠣᠨ  ᠭᠠᠴᠠᠭᠠᠨ ᠳᠤ ᠰᠠᠭᠤᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠤᠯᠠᠨ ᠳᠤ ᠠᠯᠤᠰ ᠬᠡᠳᠦ ᠶᠢᠨ ᠤᠳᠬ᠎ᠠ ᠰᠠᠨᠠᠭ᠎ᠠ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠠᠢ᠃ ᠲᠣᠰ ᠤᠳᠠᠭᠠᠨ ᠤ ᠨᠠᠮ ᠤᠨ ᠬᠢᠴᠢᠶᠡᠯ ᠨᠢ ᠵᠥᠷᠢᠶ᠎ᠡ ᠪᠠᠨ ᠤᠯᠠᠮ ᠨᠢᠭᠡ ᠠᠯᠬᠤᠮ ᠡᠷᠢᠵᠦ᠂ ᠭᠠᠴᠠᠭᠠᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠴᠢᠭᠯᠡᠯ ᠪᠠ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠤᠶᠠᠯᠳᠤᠯ ᠤᠨ ᠴᠡᠭ᠂ ᠭᠠᠷᠳᠠᠬᠤ ᠴᠡᠭ ᠪᠠ ᠬᠦᠴᠦᠯᠡᠬᠦ ᠴᠡᠭ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠮᠵᠢ ᠣᠯᠬᠤ ᠳᠤ ᠦᠵᠡᠯ ᠰᠠᠨᠠᠭᠠᠨ ᠤ ᠪᠠᠲᠤᠯᠠᠭ᠎ᠠ ᠬᠠᠩᠭᠠᠪᠠ᠃      ᠳᠠᠷᠠᠭ᠎ᠠ ᠨᠢ᠂ ᠭᠠᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠨᠠᠷᠠᠨᠴᠣᠭᠲᠤ ᠨᠥᠬᠦᠷ᠂ ᠭᠠᠴᠠᠭᠠᠨ ᠤ 《 ᠬᠤᠶᠠᠷ ᠵᠦᠪᠯᠡᠯ》 ᠤᠨ ᠭᠡᠰᠢᠭᠦᠨ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠵᠠᠯᠭᠠᠮᠵᠢᠯᠠᠬᠤ ᠨᠥᠬᠦᠷ ᠨᠠᠮ ᠤᠨ ᠭᠡᠰᠢᠭᠦᠳ ᠢᠶᠠᠨ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠡᠷᠭᠡ ᠬᠡᠰᠡᠭ ᠠᠭᠤᠯᠭ᠎ᠠ ᠶᠢ ᠰᠤᠷᠤᠯᠴᠠᠪᠠ᠃ ᠰᠤᠷᠤᠯᠴᠠᠯᠭ᠎ᠠ ᠪᠠᠷ ᠳᠠᠮᠵᠢᠭᠤᠯᠤᠨ ᠨᠠᠮᠴᠢ ᠴᠢᠨᠠᠷ ᠤᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠦᠢᠯᠡᠳᠦᠯᠭᠡ ᠶᠢᠨ ᠳᠤᠮᠳᠠ ᠦᠨᠡᠨ ᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠨ  ᠬᠤᠪᠢᠷᠠᠭᠤᠯᠪᠠ᠃      ᠭᠠᠴᠠᠭᠠᠨ ᠤ ᠨᠠᠮ ᠤᠨ ᠡᠭᠦᠷ ᠤᠨ ᠱᠦᠵᠢ ᠬᠤᠷᠴᠠᠪᠠᠭᠠᠲᠤᠷ ᠨᠥᠬᠦᠷ ᠭᠠᠴᠠᠭᠠᠨ ᠤ ᠨᠠᠮ ᠤᠨ ᠡᠭᠦᠷ ᠤᠨ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ᠭᠠᠴᠠᠭᠠᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠬᠠᠮᠲᠤ ᠪᠠᠷ ᠠᠷᠭ᠎ᠠ ᠤᠬᠠᠭᠠᠨ ᠭᠠᠷᠭᠠᠵᠠᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号