ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠵᠥᠪᠯᠡᠯ ᠤᠨ ᠭᠡᠰᠢᠭᠦᠳ ᠤᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/9/12
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠰᠠᠭᠤᠷᠢ ᠪᠠᠨ ᠴᠢᠩᠭᠠᠳᠬᠠᠵᠤ᠂ ᠬᠡᠪᠴᠢᠶ᠎ᠡ ᠶᠢ ᠥᠷᠭᠡᠳᠬᠡᠨ ᠠᠵᠢᠯ ᠢ ᠱᠠᠯᠠᠪᠳᠠᠬᠤ︾ ᠢᠨᠵᠧᠨᠧᠷᠢᠩ ᠢ ᠴᠢᠩᠭᠠᠳᠬᠠᠨ᠂ ︽ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠠᠭᠠᠭᠤᠯᠤᠭᠴᠢ ᠦᠢᠯᠡᠳᠦᠯ︾ ᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠭᠡᠰᠢᠭᠦᠳ ᠤᠨ ᠬᠡᠪ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ 8 ᠰᠠᠷ᠎ᠠ ᠶᠢᠨ 31 ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠭᠦᠢᠴᠡᠳᠬᠡᠬᠦ ᠵᠥᠪᠯᠡᠯ ᠤᠨ ᠭᠡᠰᠢᠭᠦᠳ ᠤᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠭᠰᠡᠨ ᠪᠠᠶᠢᠨ᠎ᠠ᠃ ᠪᠦᠬᠦ ᠬᠤᠰᠢᠭᠤᠨ ᠤ ᠭᠤᠷᠪᠠᠨ ᠱᠠᠲᠤᠨ ᠤ ᠡᠮᠡᠭᠲᠡᠶᠢᠴᠦᠳ ᠤᠨ ᠬᠤᠯᠪᠣᠭᠠᠨ  ᠤ ᠺᠠᠳ᠋ᠷ ᠪᠣᠯᠣᠨ ᠡᠮᠡᠭᠲᠡᠶᠢᠴᠦᠳ ᠤᠨ ᠬᠤᠯᠪᠣᠭᠠᠨ ᠤ ᠭᠦᠢᠴᠡᠳᠬᠡᠬᠦ ᠵᠥᠪᠯᠡᠯ ᠤᠨ ᠭᠡᠰᠢᠭᠦᠨ 150 ᠭᠠᠷᠤᠢ ᠬᠦᠮᠦᠨ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠰᠤᠳᠤᠯᠭᠠᠨ ᠤ ᠥᠪᠥᠷ ᠮᠣᠩᠭᠤᠯ ᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ  ᠶᠢᠨ ᠦᠢᠯᠡᠴᠢᠯᠡᠭᠡᠨ ᠤ ᠲᠥᠪ ︵ᠤᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠺᠠᠳ᠋ᠷ ᠤᠨ ᠰᠤᠷᠭᠠᠭᠤᠯᠢ︶ ᠤᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠰᠡᠴᠡᠨᠪᠠᠲᠤ ︽ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠤᠨ ᠲᠤᠬᠠᠢ ᠪᠣᠳᠣᠯᠬᠢᠯᠠᠯ︾ ᠢᠶᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠤᠳᠤᠷᠢᠳᠤᠮᠵᠢ ᠪᠣᠯᠭᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠲᠡᠦᠬᠡᠨ ᠬᠥᠭᠵᠢᠯᠲᠡ᠂ ᠡᠮᠡᠭᠲᠡᠶᠢᠴᠦᠳ ᠤᠨ ᠠᠵᠢᠯ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠳ ᠰᠢᠨ᠎ᠡ ᠴᠠᠭ ᠦᠶ᠎ᠡ ᠳᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠬᠡᠷᠬᠢᠨ ᠥᠷᠨᠢᠭᠦᠯᠬᠦ ᠵᠡᠷᠭᠡ ᠲᠠᠯ᠎ᠠ ᠪᠠᠷ ᠣᠯᠠᠨ ᠳᠤ ᠭᠦᠨᠵᠡᠭᠡᠢ ᠲᠠᠶᠢᠯᠪᠤᠷᠢᠯᠠᠯᠲᠠ ᠬᠢᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠭᠦᠢᠴᠡᠳᠬᠡᠬᠦ ᠺᠣᠮᠢᠰ ᠤᠨ ᠡᠮᠡᠭᠲᠡᠶᠢᠴᠦᠳ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ‍ᠦ᠋ᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠲᠤᠰᠬᠠᠢ ᠮᠡᠷᠭᠡᠵᠢᠯ ᠤᠨ ᠦᠭᠡᠰ ᠂  ᠲᠣᠪᠴᠢ ᠠᠪᠰᠠᠷᠬᠠᠨ ᠣᠶᠢᠯᠠᠭᠠᠮᠵᠢᠲᠠᠢ ᠦᠭᠡ ᠬᠡᠯᠡᠯᠭᠡ ᠪᠠᠷ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠭᠦᠢᠴᠡᠳᠬᠡᠬᠦ ᠵᠥᠪᠯᠡᠯ ᠤᠨ ᠺᠠᠳ᠋ᠷᠴᠤᠳ ᠪᠠ ᠡᠮᠡᠭᠲᠡᠶᠢᠴᠦᠳ ᠤᠨ ᠬᠤᠯᠪᠣᠭᠠᠨ ᠤ ᠭᠦᠢᠴᠡᠳᠬᠡᠬᠦ ᠵᠥᠪᠯᠡᠯ ᠤᠨ ᠢᠲᠡᠭᠡᠯ ᠵᠣᠷᠢᠭ ᠢᠶᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠲᠤᠰᠬᠠᠢ ᠮᠡᠷᠭᠡᠵᠢᠯ ᠤᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠠᠢ᠃      ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠬᠠᠤᠯᠢᠴᠢ ᠡᠷᠳᠡᠨᠢᠲᠤᠶᠠᠭ᠎ᠠ ᠣᠯᠠᠨ ᠳᠤ ︽ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠬᠦ ᠪᠠ ᠬᠤᠷᠢᠭᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠲᠤᠬᠠᠢ︾ ᠭᠡᠬᠦ ᠭᠤᠣᠯ ᠰᠡᠳᠦᠪᠲᠦ ᠬᠢᠴᠢᠶᠡᠯ ᠣᠷᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠪᠠ ᠬᠠᠤᠯᠢᠴᠢ ᠶᠢᠨ ᠠᠵᠢᠯ ᠬᠢᠬᠦ ᠬᠠᠷᠠᠭᠠᠰᠤ ᠶᠢᠨ ᠲᠣᠭᠤᠷᠢᠨ ᠳᠤ ᠂ ᠭᠡᠷ ᠪᠦᠯᠢ ᠶᠢᠨ ᠬᠦᠴᠦᠷᠬᠡᠭᠯᠡᠯ᠂ ᠭᠡᠷ ᠪᠦᠯᠢ ᠶᠢᠨ ᠬᠦᠴᠦᠷᠬᠡᠭᠯᠡᠯ ᠤᠨ ᠣᠨᠴᠠᠯᠢᠭ ᠭᠡᠭᠴᠢ ᠶᠠᠭᠤ ᠪᠣᠯᠬᠤ᠂ ᠭᠡᠷ ᠪᠦᠯᠢ ᠶᠢᠨ ᠬᠦᠴᠦᠷᠬᠡᠭᠯᠡᠯ ᠨᠢ ᠶᠠᠮᠠᠷ ᠶᠠᠮᠠᠷ ᠬᠤᠣᠷ ᠬᠥᠨᠥᠭᠡᠯ ᠤᠴᠠᠷᠠᠭᠤᠯᠬᠤ᠂ ᠭᠡᠷ ᠪᠦᠯᠢ ᠶᠢᠨ ᠬᠦᠴᠦᠷᠬᠡᠭᠯᠡᠯ ᠤᠨ ᠡᠭᠦᠰᠬᠦ ᠶᠢ ᠬᠡᠷᠬᠢᠨ ᠰᠡᠷᠭᠡᠶᠢᠯᠡᠬᠦ ᠪᠠ ᠬᠤᠷᠢᠭᠯᠠᠬᠤ ᠵᠡᠷᠭᠡ ᠶᠢ ᠲᠠᠶᠢᠯᠪᠤᠷᠢᠯᠠᠭᠰᠠᠨ ᠲᠠᠶᠢᠯᠪᠦᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠥᠷᠨᠢᠭᠦᠯᠵᠦ᠂ ᠣᠯᠠᠨ ᠢ ᠬᠠᠤᠯᠢ ᠴᠠᠭᠠᠵᠠ ᠶᠢ ᠠᠰᠢᠭᠯᠠᠵᠤ ᠰᠤᠷᠤᠨ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠤᠭᠴᠢ ᠪᠠ ᠰᠠᠬᠢᠨ ᠬᠠᠮᠠᠭᠠᠯᠠᠭᠴᠢ ᠪᠣᠯᠬᠤ ᠶᠢ ᠬᠦᠲᠦᠯᠦᠨ ᠵᠢᠯᠤᠭᠤᠳᠴᠠᠢ᠃      ᠲᠣᠰ ᠤᠳᠠᠭᠠᠨ ᠤ ᠪᠣᠯᠪᠠᠰᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠡᠮᠡᠭᠲᠡᠶᠢᠴᠦᠳ ᠤᠨ ᠦᠵᠡᠯ ᠰᠠᠨᠠᠭᠠᠨ ᠤ ᠵᠢᠯᠣᠭᠤᠳᠤᠯᠭ᠎ᠠ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠢ ᠲᠦᠯᠬᠢᠨ ᠠᠬᠢᠭᠤᠯᠬᠤ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠵᠡᠷᠭᠡ ᠣᠯᠠᠨ ᠲᠠᠯ᠎ᠠ ᠶᠢ ᠬᠠᠮᠤᠷᠴᠦ᠂ ᠬᠢᠴᠢᠶᠡᠯ ᠤᠨ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠬᠢᠴᠢᠶᠡᠯᠯᠡᠬᠦ ᠠᠭᠤᠯᠭ᠎ᠠ ᠨᠢ ᠪᠠᠶᠠᠯᠢᠭ᠂ ᠬᠢᠯᠪᠠᠷ ᠣᠶᠢᠯᠠᠭᠠᠮᠵᠢᠲᠠᠢ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠡᠨᠡ ᠪᠣᠯ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠮᠥᠨ᠂ ᠡᠨᠡ ᠨᠢ ᠣᠨᠣᠯ ᠤᠨ ᠮᠡᠳᠡᠯᠭᠡ ᠶᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠰᠢᠨ᠎ᠡ ᠴᠠᠭ ᠦᠶ᠎ᠡ ᠳᠤ ᠡᠮᠡᠭᠲᠡᠶᠢᠴᠦᠳ ᠤᠨ ᠠᠵᠢᠯ ᠢ ᠬᠡᠷᠬᠢᠨ ᠥᠷᠨᠢᠭᠦᠯᠬᠦ ᠰᠢᠨ᠎ᠡ ᠠᠷᠭ᠎ᠠ ᠮᠠᠶ᠋ᠢᠭ ᠢ ᠰᠣᠷᠣᠭᠰᠠᠨ ᠪᠥᠭᠡᠳ ᠨᠠᠩ ᠴᠤ ᠬᠠᠤᠯᠢ ᠴᠠᠭᠠᠵᠠ ᠶᠢᠨ ᠵᠡᠪᠰᠡᠭ ᠢ ᠬᠡᠷᠬᠢᠨ ᠬᠡᠷᠡᠭᠯᠡᠨ ᠡᠮᠡᠭᠲᠡᠶᠢᠴᠦᠳ ᠪᠠ ᠬᠡᠦᠬᠡᠳ ᠲᠤ ᠦᠢᠯᠡᠴᠢᠯᠡᠬᠦ᠂ ᠡᠮᠡᠭᠲᠡᠶᠢᠴᠦᠳ ᠪᠠ‌‍ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠡᠷᠬᠢᠨ ᠬᠠᠮᠠᠭᠠᠯᠠᠬᠤ ᠶᠢ ᠣᠶᠢᠯᠠᠭᠠᠭᠰᠠᠨ ᠪᠠᠶᠢᠨ᠎ᠠ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号