ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2023 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/12
      8 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃      ᠬᠤᠷᠠᠯ ᠠᠴᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠴᠢᠳᠠᠪᠤᠷᠢᠲᠠᠨ ᠤ ᠠᠵᠢᠯ ᠤᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ ᠶᠢᠨ ᠮᠡᠳᠡᠭᠦᠯᠦᠯᠲᠡ﹀ ᠶᠢᠨ ᠮᠡᠳᠡᠭᠳᠡᠯ︾  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠤᠯᠤᠰ ᠤᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ﹀ ᠶᠢᠨ ᠮᠡᠳᠡᠭᠳᠡᠯ︾᠂ ︽ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠴᠢᠬᠤᠯᠠ ᠵᠢᠭᠠᠪᠤᠷᠢ︾᠂ ︽ᠰᠦᠨ ᠱᠣᠸ ᠴᠧᠩ᠂ ᠯᠢ ᠢᠦᠢ ᠭᠠᠩ ᠨᠥᠬᠦᠷ ᠤᠨ ᠪᠥᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠪᠠᠰᠠ ︽ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠪ  ᠤᠨ ᠲᠠᠰ ᠳᠠᠪᠬᠤᠷᠭ᠎ᠠ ᠶᠢᠨ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ︾᠂ ︽ᠳᠤᠮᠳᠠᠳᠤ ᠤᠯᠤᠰ ᠤᠨ ᠡᠪ ᠬᠠᠮᠲᠦ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ᠠᠯᠪᠠᠨ ᠭᠡᠷ ᠤᠨ ︿ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ ᠬᠤᠷᠠᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ﹀︾᠂ ︽ᠥᠪᠥᠷ ᠮᠣᠩᠭᠤᠯ ᠤᠨ ᠥᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠭᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠳᠤᠮᠳᠠ ︿ᠫᠦᠵᠢᠶᠠᠩ ᠤᠨ ᠲᠤᠷᠰᠢᠯᠭ᠎ᠠ﹀ ᠪᠠ ︿ᠮᠢᠩᠭᠠᠨ ᠲᠤᠰᠬᠤᠨ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠬᠦ﹀ ᠠᠵᠢᠯ ᠤᠨ ᠲᠤᠷᠰᠢᠯᠭ᠎ᠠ ᠶᠢ ᠰᠤᠷᠤᠯᠴᠠᠨ ᠠᠰᠢᠭᠯᠠᠬᠤ ᠲᠤᠬᠠᠢ ᠮᠡᠳᠡᠭᠳᠡᠯ︾ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽︿ᠲᠣᠭᠤᠷᠢᠨ ᠪᠠᠶᠢᠴᠠᠭᠠᠬᠤ ᠳᠤ ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ ᠲᠤᠬᠠᠢ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠪᠠ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠭᠤᠯᠭ᠎ᠠ ᠬᠠᠮᠲᠦᠪᠡᠷ ᠰᠤᠷᠤᠯᠴᠠᠵᠠᠢ᠃      ᠬᠤᠷᠠᠯ ᠠᠴᠠ ᠵᠢᠭᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢ︾ ᠶᠢ  ᠨᠡᠶᠢᠲᠡᠯᠡᠭᠰᠡᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠠᠭᠤᠯᠤᠭᠳᠠᠬᠤᠨ ᠪᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠬᠤᠶᠠᠷ ᠶᠡᠭᠡ ᠶᠠᠪᠤᠳᠠᠯ︾ ᠤᠨ ᠣᠷᠭᠠᠨᠢᠭ ᠨᠢᠭᠡᠳᠦᠯ ᠤᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠺᠠᠳ᠋ᠷ ᠠᠵᠢᠯᠲᠠᠨ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠤᠬᠠᠮᠰᠠᠷ ᠠᠴᠠ ᠪᠠᠨ᠂ ᠨᠡᠩ ᠬᠦᠴᠦᠨ ᠲᠠᠢ᠂ ᠨᠡᠩ ᠤᠳᠠᠭᠠᠨ ᠳᠠᠭᠠᠭᠠᠮᠠᠭᠠᠢ ᠪᠠᠷ ᠰᠠᠶᠢᠲᠤᠷ ᠬᠠᠮᠠᠭᠠᠯᠠᠵᠤ᠂ ︽ᠳᠣᠯᠣᠭᠠᠨ ᠵᠢᠱᠢᠶᠡᠴᠢ︾ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠵᠤ ᠪᠠᠶᠢᠭ᠎ᠠ ᠬᠦᠰᠡᠯ ᠨᠠᠶᠢᠳᠠᠯᠭ᠎ᠠ ᠶᠢ ᠠᠵᠢᠯ  ᠬᠢᠵᠦ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠯᠪᠣᠭᠳᠠᠬᠤ ᠠᠵᠢᠯ ᠤᠨ ᠡᠭᠦᠷᠭᠡ ᠶᠢ ᠬᠢᠨᠠᠮᠠᠭᠠᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠡᠭᠦᠷᠭᠡ ᠬᠠᠷᠢᠭᠤᠴᠠᠯᠭ᠎ᠠ ᠲᠠᠢ᠂ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ ᠭᠡᠪᠡ᠃      ᠬᠤᠷᠠᠯ ᠳᠡᠭᠡᠷ᠎ᠡ ᠪᠠᠰᠠ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠵᠢᠭᠤᠯᠤᠶ᠎ᠠ︾ ᠭᠡᠰᠡᠨ ᠸᠢᠳᠢᠤ᠋ ᠶᠢ ᠰᠤᠨᠢᠷᠬᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号