ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/12
      8 ᠳ᠋ᠤᠭᠠᠷ ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ᠂ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 2023 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠪᠡ᠃      ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃      ᠬᠤᠷᠠᠯ ᠠᠴᠠ ᠵᠢᠭᠠᠬᠤ ᠳᠠᠭᠠᠨ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠭᠠᠳᠠᠭᠠᠳᠤ ᠶᠠᠪᠤᠳᠠᠯ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠨ᠂ ᠤᠯᠤᠰ ᠤᠨ ᠶᠡᠷᠦᠩᠬᠡᠢ ᠭᠠᠳᠠᠭᠠᠳᠤ ᠬᠠᠷᠢᠯᠴᠠᠭᠠᠨ ᠤ ᠲᠠᠯ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠭᠡ ᠲᠠᠯ᠎ᠠ ᠳᠤ ᠦᠢᠯᠡᠴᠢᠯᠡᠵᠦ ᠭᠤᠣᠯᠳᠠᠯᠭ᠎ᠠ ᠶᠢ ᠠᠳᠬᠤᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠶᠡᠭᠡ ᠲᠠᠯ᠎ᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠨ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ  ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ᠃ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠶᠢᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤᠮᠳᠠ ᠨᠡᠩ ᠶᠡᠭᠡ ᠦᠢᠯᠡᠳᠦᠯ ᠦᠵᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号