ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ ᠲᠣᠭᠤᠷᠢᠭ ︽ᠬᠤᠪᠢᠰᠬᠠᠯᠲᠤ ᠤᠯᠠᠮᠵᠢᠯᠠᠯᠲᠤ ᠨᠠᠰᠤᠲᠠᠨ ᠢ ᠲᠤᠰᠠᠯᠠᠬᠤ︾ ᠬᠤᠨᠳᠠᠭᠠᠲᠤ  ᠠᠮᠤᠷ ᠪᠠᠶᠠᠰᠬᠤᠯᠠᠩ ᠤᠷᠥᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/9/12
      ᠨᠠᠰᠤᠲᠠᠨ ᠢᠶᠠᠨ ᠬᠦᠨᠳᠦᠯᠡᠵᠦ᠂  ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠠᠪᠰᠤᠷᠬᠤ ᠰᠢᠯᠢᠳᠡᠭ ᠤᠯᠠᠮᠵᠢᠯᠠᠯ ᠢ ᠴᠢᠨᠠᠭᠰᠢᠳᠠ ᠪᠠᠳᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 9 ᠰᠠᠷ᠎ᠠ ᠶᠢᠨ 4  ᠤ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ ᠲᠣᠭᠤᠷᠢᠭ ᠤᠨ ︽ᠬᠤᠪᠢᠰᠬᠠᠯᠲᠤ ᠤᠯᠠᠮᠵᠢᠯᠠᠯᠲᠤ ᠨᠠᠰᠤᠲᠠᠨ ᠢ ᠲᠤᠰᠠᠯᠠᠬᠤ︾ ᠬᠤᠨᠳᠠᠭᠠᠲᠤ  ᠠᠮᠤᠷ ᠪᠠᠶᠠᠰᠬᠤᠯᠠᠩ   ᠶᠢᠨ ᠤᠷᠤᠯᠳᠤᠭᠠᠨ ᠢ ᠡᠷᠢᠶᠡᠨᠭᠤᠪᠢ ᠨᠡᠶᠢᠭᠡᠮ ᠲᠣᠭᠤᠷᠢᠭ ᠲᠤ ᠶᠠᠪᠤᠭᠳᠠᠭᠤᠯᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ᠂ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠭᠦᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠨᠡᠶᠢᠳᠡ 50 ᠭᠠᠷᠤᠢ ᠬᠥᠮᠥᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃      ᠲᠤᠰ ᠤᠳᠠᠭ᠎ᠠ ᠶᠢᠨ ᠠᠮᠤᠷ ᠪᠠᠶᠠᠰᠬᠤᠯᠠᠩ ᠶᠢᠨ ᠤᠷᠤᠯᠳᠤᠭᠠᠨ ᠳᠤ ᠬᠠᠷᠢᠶᠠᠲᠤ ᠣᠷᠣᠨ ᠤ 50 ᠭᠠᠷᠤᠢ ᠰᠠᠭᠤᠭᠠᠯᠢ ᠠᠷᠠᠳ ᠨᠡᠷ᠎ᠡ ᠮᠡᠳᠡᠭᠦᠯᠵᠦ᠂ ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠶᠠᠷ ᠪᠠᠶᠠᠰᠬᠤᠯᠠᠩ ᠲᠠᠢ ᠪᠥᠭᠡᠳ ᠥᠷᠢᠰᠤᠯᠳᠤᠭᠡᠨ ᠮᠠᠰᠢ ᠬᠤᠷᠴᠠ ᠰᠢᠷᠤᠭᠦᠨ ᠪᠠᠶᠢᠯ᠎ᠠ᠃ ᠤᠷᠤᠯᠳᠤᠭᠠᠨ ᠳᠤ ᠣᠷᠣᠯᠴᠠᠭᠰᠠᠳ ︽ᠨᠥᠬᠦᠷᠯᠡᠯ ᠢ ᠲᠡᠷᠢᠭᠦᠨ ᠳᠤ ᠲᠠᠯᠪᠢᠵᠤ᠂ ᠤᠷᠤᠯᠳᠤᠭᠠᠨ ᠢ ᠬᠤᠶᠠᠳᠤᠭᠠᠷ ᠲᠤ ᠲᠠᠯᠪᠢᠬᠤ︾ ᠵᠠᠷᠴᠢᠮ ᠢ ᠪᠠᠷᠢᠮᠲᠠᠯᠠᠨ᠂ ᠥᠪᠡᠷ ᠥᠪᠡᠷ ᠤᠨ ︽ᠭᠤᠴᠣ ᠡᠷᠳᠡᠮ︾ ᠢᠶᠠᠨ ᠭᠠᠷᠭᠠᠵᠤ᠂ ᠤᠷᠠᠨ ᠨᠠᠷᠢᠯᠢᠭ ᠠᠮᠤᠷ ᠪᠠᠶᠠᠰᠬᠤᠯᠠᠩ ᠶᠢᠨ ᠮᠡᠷᠭᠡᠵᠢᠯ ᠢᠶᠠᠷ ᠢᠶᠠᠨ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠲᠠᠭᠠᠰᠢᠶᠠᠯ ᠢ ᠣᠯᠵᠤ᠂ ᠠᠵᠢᠯᠲᠠᠳ ᠪᠣᠯᠣᠨ ᠬᠢᠨᠠᠭᠴᠢᠳ ᠴᠤ ᠤᠷᠤᠯᠳᠤᠭᠠᠨ ᠤ ᠠᠭᠤᠷ ᠠᠮᠢᠰᠬᠤᠯ   ᠳᠤ ᠠᠭᠤᠰᠤᠠᠨᠰᠠ ᠪᠠᠶᠢᠯ᠎ᠠ᠃ ᠬᠠᠮᠤᠭ ᠡᠴᠦᠰ ᠲᠤ ᠭᠤᠷᠪᠠᠨ ᠳᠤᠭᠤᠶᠢᠯᠠᠩ ᠤᠨ ᠬᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠲᠤᠰ ᠲᠤᠰ ᠲᠣᠭᠲᠠᠭᠠᠵᠤ᠂ ᠠᠵᠢᠯᠲᠠᠳ ᠠᠴᠠ ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠪᠣᠳᠠᠰ ᠣᠯᠭᠤᠭᠰᠠᠨ ᠪᠠᠶᠢᠨ᠎ᠠ᠃      ᠡᠨᠡ ᠤᠳᠠᠭ᠎ᠠ ᠶᠢᠨ ᠠᠮᠤᠷ ᠪᠠᠶᠠᠰᠬᠤᠯᠠᠩ ᠤᠷᠤᠯᠳᠤᠭᠠᠨ ᠢᠶᠠᠷ ᠲᠠᠮᠵᠢᠨ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠡᠢ᠃  ᠡᠷᠢᠶᠡᠨᠭᠤᠪᠢ ᠨᠡᠶᠢᠭᠡᠮ ᠲᠣᠭᠤᠷᠢᠭ ᠦᠷᠭᠦᠯᠵᠢᠯᠡᠨ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠶᠢ ᠬᠠᠩᠭᠠᠵᠤ᠂ ᠪᠠᠶᠠᠯᠢᠭ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠲᠡᠳᠡᠨ ᠳᠤ ᠬᠠᠷᠢᠯᠴᠠᠨ ᠰᠣᠯᠢᠯᠴᠠᠬᠤ᠂ ᠤᠷ᠎ᠠ ᠮᠡᠷᠭᠡᠵᠢᠯ ᠢᠶᠠᠨ ᠰᠣᠯᠢᠯᠴᠠᠬᠤ᠂ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ ᠲᠠᠪᠴᠠᠩ ᠪᠠᠶᠢᠭᠤᠯᠤᠨ ᠥᠭᠴᠦ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠥᠲᠡᠯᠪᠡᠯ ᠪᠠᠶᠠᠷ ᠴᠡᠩᠭᠡᠯ ᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃  
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号