ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ | ᠵᠢᠷᠤᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢᠨ ᠲᠥᠯᠥᠭᠡ᠂ 9 ᠰᠠᠷ᠎ᠠ ᠶᠢᠨ 4 ᠤ ᠡᠳᠦᠷ᠂ ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ | ᠲᠣᠭᠤᠷᠢᠭ ᠤᠨ ᠬᠢᠨ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠵᠠᠮ ᠢᠶᠠᠷ ᠤᠷᠤᠭᠰᠢᠯᠠᠶ᠎ᠠ︾ ᠭᠡᠬᠦ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠨᠡᠶᠢᠭᠡᠮ ᠲᠣᠭᠤᠷᠢᠭ ᠤᠨ ᠠᠵᠢᠯᠲᠠᠨ ᠤᠯᠠᠨ ᠲᠦᠮᠡᠨ ᠳᠤ | ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠ ᠳᠦᠷᠢᠮᠵᠢᠭᠰᠡᠨ ᠬᠡᠷᠡᠭᠯᠡᠭᠡᠨ ᠤ ᠦᠰᠦᠭ ᠤᠨ ᠴᠢᠬᠤᠯᠠ ᠠᠴᠢ | ᠬᠤᠯᠪᠣᠭᠳᠠᠯ ᠢ ᠲᠠᠶᠢᠯᠪᠤᠷᠢᠯᠠᠪᠠ᠃ ᠪᠠᠯᠭᠠᠰᠤᠨ ᠤ ᠠᠷᠠᠳ ᠤᠨ ᠲᠥᠯᠥᠭᠡᠯᠡᠭᠴᠢ ᠦ᠋ ᠶᠠᠨ ᠯᠢᠩ ᠣᠯᠠᠨ ᠢ | ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠤᠨ ᠬᠠᠤᠯᠢ︾ ᠶᠢ ᠬᠠᠮᠲᠤ ᠪᠠᠷ ᠰᠤᠷᠤᠯᠴᠠᠪᠠ᠃ ᠰᠠᠶᠢᠨ ᠳᠤᠷ᠎ᠠ ᠶᠢᠨ ᠠᠵᠢᠯᠯᠠᠭᠴᠢ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠢ | ᠲᠠᠷᠬᠠᠭᠠᠬᠤ ᠶᠢᠨ ᠬᠠᠮᠲᠤ ᠬᠠᠷᠢᠯᠴᠠᠨ ᠦᠢᠯᠡᠳᠦᠯᠴᠡᠬᠦ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠨᠡᠶᠢᠲᠡᠯᠢᠭ | ᠬᠡᠯᠡᠨ ᠤ ᠪᠠᠶᠢᠩᠭᠤ ᠲᠣᠬᠢᠶᠠᠯᠳᠤᠳᠠᠭ ᠠᠪᠢᠶᠠᠯᠠᠬᠤ ᠠᠰᠠᠭᠤᠳᠠᠯ ᠤᠨ ᠲᠤᠬᠠᠢ ᠵᠥᠪ ᠵᠢᠱᠢᠶ᠎ᠡ ᠦᠵᠡᠭᠦᠯᠵᠦ᠂ | ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠤᠨ ᠳᠤᠮᠳᠠ ᠨᠡᠶᠢᠲᠡᠯᠢᠭ ᠬᠡᠯᠡ ᠪᠠᠷ ᠶᠠᠷᠢᠬᠤ ᠳᠠᠳᠬᠠᠯ ᠲᠠᠢ | ᠪᠣᠯᠬᠤ ᠶᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠡᠷᠢᠶᠡᠨᠭᠤᠪᠢ ᠨᠡᠶᠢᠭᠡᠮ ᠲᠣᠭᠤᠷᠢᠭ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠤᠨ ᠳᠡᠯᠭᠡᠷᠡᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠲᠣᠭᠤᠷᠢᠭ ᠤᠨ | ᠨᠡᠶᠢᠲᠡᠯᠢᠭ ᠬᠡᠯᠡᠨ ᠤ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠵᠤ᠂ ᠪᠣᠯᠪᠠᠰᠤᠨ ᠡᠶ᠎ᠡ ᠵᠣᠬᠢᠴᠠᠯ ᠲᠠᠢ | ᠨᠡᠶᠢᠭᠡᠮ ᠲᠣᠭᠤᠷᠢᠭ ᠢ ᠪᠠᠶᠢᠭᠤᠯᠬᠤ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ |