ᠠᠯᠲᠠᠨᠬᠢᠯᠢ ᠰᠤᠮᠤᠨ ᠤ ︽ᠬᠡᠪᠰᠢᠮᠠᠯ ᠵᠠᠩ ᠳᠠᠳᠬᠠᠯ ᠢ ᠥᠭᠡᠷᠡᠴᠢᠯᠡᠬᠦ ᠪᠠᠷ ᠠᠷᠠᠳ ᠤᠨ ᠰᠡᠳᠬᠢᠯ ᠢ ᠤᠮᠳᠠᠯᠠᠵᠤ᠂ ᠪᠣᠯᠪᠠᠰᠤᠨ ᠬᠡᠪ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠪᠥᠬᠦ ᠠᠷᠠᠳ ᠤᠨ ᠪᠡᠶ᠎ᠡ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠦᠨᠲᠤᠷᠯᠠᠪᠠ
ᠨᠡᠶᠢᠲᠡᠯᠡᠭᠰᠡᠨ ᠴᠠᠭ᠄
2023/9/12
      ᠨᠠᠷᠠ ᠬᠤᠷ᠎ᠠ ᠲᠡᠩᠴᠡᠭᠰᠡᠨ ᠨᠤᠮᠢᠨ ᠨᠤᠭᠤᠭᠠᠨ ᠵᠤᠨ ᠠᠴᠠ ᠰᠡᠮᠡᠷᠡᠨ      ᠬᠠᠳᠤᠯᠠᠩ ᠤᠨ ᠲᠡᠨᠵᠢ ᠬᠠᠯᠢᠭᠤᠷᠠᠭᠰᠠᠨ ᠨᠠᠮᠤᠷ ᠤᠨ ᠦᠩᠭᠡ ᠲᠤᠨᠠᠵᠦ      ᠲᠠᠩᠰᠤᠭ ᠢᠷᠡᠭᠤ ᠰᠤᠶᠤᠯ ᠤᠨ ᠴᠢᠳᠬᠤᠯᠠᠩ ᠰᠠᠴᠤᠷᠠᠨ      ᠲᠡᠤᠬᠡᠳᠤ ᠶᠡᠭᠡ ᠵᠢᠩᠰᠠᠳᠠᠢ ᠶᠢᠨ ᠪᠠᠷ᠎ᠠ ᠪᠠᠷ ᠪᠠᠭ᠋ᠠᠷᠬᠠᠨᠠᠮ — —      ᠦᠵᠦᠮᠦᠴᠢᠨ ᠨᠤᠳᠤᠭ ᠤᠨ ᠪᠠᠷᠠᠭᠤᠨ ᠬᠤᠶᠢᠳᠦ ᠬᠢᠵᠠᠭᠠᠷ᠂ ᠦᠵᠡᠰᠭᠦᠯᠡᠩᠲᠤ ᠰᠠᠶᠢᠬᠠᠨ ᠠᠯᠲᠠᠨᠬᠢᠯᠢ ᠰᠤᠮᠤᠨ  ᠳᠤ᠂ 8 ᠰᠠᠷ᠎ᠠ ᠶᠢᠨ 25 ᠠᠴᠠ 26 ᠤ ᠡᠳᠦᠷ᠂ ︽ᠬᠡᠪᠰᠢᠮᠠᠯ ᠵᠠᠩ ᠳᠠᠳᠬᠠᠯ ᠢ ᠥᠭᠡᠷᠡᠴᠢᠯᠡᠬᠦ ᠪᠠᠷ ᠠᠷᠠᠳ ᠤᠨ ᠰᠡᠳᠬᠢᠯ ᠢ ᠤᠮᠳᠠᠯᠠᠵᠤ᠂ ᠪᠣᠯᠪᠠᠰᠤᠨ ᠬᠡᠪ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠪᠦᠬᠦ ᠠᠷᠠᠳ ᠤᠨ ᠲᠠᠮᠢᠷ ᠤᠨ ᠴᠤᠭᠯᠠᠭᠠᠨ ᠦᠪᠡᠳᠡᠭᠰᠢ ᠶᠡᠬᠡᠪᠡᠷ ᠶᠠᠪᠤᠭᠲᠠᠭᠤᠯᠪᠠ᠃      ᠲᠤᠰ ᠤᠲᠠᠭᠠᠨ ᠤ ᠪᠦᠬᠦ ᠠᠷᠠᠳ ᠤᠨ ᠲᠠᠮᠢᠷ ᠤᠨ ᠴᠤᠭᠯᠠᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠪᠦᠯᠬᠦᠮᠳᠡᠨ ᠲᠡᠮᠡᠴᠡᠵᠦ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ︽ᠬᠤᠶᠠᠷ ᠶᠡᠭᠡ ᠶᠠᠪᠤᠳᠠᠯ︾ ᠢ ᠠᠬᠢᠭᠤᠯᠬᠤ ᠨᠢᠭᠡ ᠤᠲᠠᠭᠠᠨ ᠤ ᠴᠢᠬᠤᠯᠨ ᠠᠵᠢᠯᠯᠠᠭ᠎ᠠ ᠮᠦᠷᠲᠠᠬᠡᠨ ᠮᠦᠨᠴᠤ ︽ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠶᠡᠭᠡ ᠪᠠᠷ ᠪᠠᠵᠠᠭᠠᠵᠤ ᠶᠡᠭᠡ ᠪᠠᠷ ᠡᠷᠭᠢᠯᠡᠬᠦ ᠵᠡᠷᠭᠡ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠭᠤᠤᠯᠲᠠᠯᠭᠠᠲᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠤ ᠨᠠᠶᠢᠭᠡᠮ ᠤᠨ ᠬᠠᠮᠢᠶᠠᠷᠣᠯᠲᠠ ᠶᠢᠨ ᠰᠢᠨᠡᠴᠢᠯᠠᠯᠲᠡ ᠶᠢ ᠴᠢᠩᠭᠠᠳᠬᠠᠨ᠂ ︽ᠬᠠᠭᠤᠴᠢ ᠶᠤᠰᠤ ᠪᠦᠲᠤᠬᠦᠯᠢᠭ ᠲᠠᠳᠬᠠᠯ ᠢ ᠦᠬᠡᠷᠡᠴᠢᠯᠠᠬᠦ︾ ᠪᠠᠷ ᠲᠠᠮᠵᠢᠭᠤᠯᠤᠨ᠂ ᠣᠳᠦᠬᠢ ᠮᠠᠯᠴᠢᠠ ᠲᠦᠮᠠᠠ ᠤ ᠦᠢᠯᠠᠣᠠᠪᠣᠷᠢᠯᠠᠯ ᠠᠮᠢᠳᠦᠷᠠᠯ ᠤᠨ ᠲᠣᠮᠳᠠ ᠣᠷᠣᠰᠢᠵᠤ ᠪᠠᠶᠢᠭ᠎ᠠ‌ᠤᠯᠠᠨ ᠶᠠᠩᠵᠤ ᠬᠡᠯᠪᠡᠷᠴᠢᠯᠡᠩᠳᠡᠭᠰᠡᠨ ᠬᠤᠷᠢᠮ ᠨᠠᠶᠢᠷ ᠂ ᠨᠠᠰᠣᠨ ᠪᠠᠶᠠᠷ ᠤᠨ ᠶᠠᠪᠣᠳᠠᠯ ᠢ ᠳᠥᠷᠢᠮᠵᠢᠭᠦᠯᠦᠨ᠂  ᠮᠠᠯᠵᠢᠬᠤ ᠤᠷᠣᠠ ᠤ ᠤᠶᠣᠠ ᠤ ᠠᠮᠢᠲᠤᠷᠠᠯ ᠢ ᠤᠯᠠᠮ ᠨᠢᠬᠡ ᠠᠯᠬᠤᠮ   ᠪᠠᠶᠠᠯᠢᠭᠵᠢᠭᠤᠯᠵᠤ  ᠂ ᠣᠯᠣᠭᠰᠠᠨ ᠦᠷ᠎ᠡ ᠪᠦᠲᠦᠮᠵᠢ ᠶᠢ ᠰᠢᠯᠭᠠᠭᠰᠠᠨ ᠨᠢᠭᠡ ᠤᠲᠠᠭᠠᠨ ᠤ  ᠲᠠᠮᠢᠷ ᠤᠨ ᠦᠪᠡᠳᠡᠭᠰᠢ  ᠶᠡᠭᠡ ᠴᠤᠭᠯᠠᠭᠠᠨ ᠪᠣᠯᠣᠨ᠎ᠠ᠃      ᠬᠦᠲᠠᠯᠬᠡᠬᠡᠨ ᠳᠤ᠂ ᠨᠠᠶᠢᠲᠠ 10 ᠲᠦᠷᠤᠯ  ᠤᠨ ᠤᠷᠤᠯᠳᠤᠭᠠᠨ ᠤ ᠵᠦᠢᠯ ᠢ ᠲᠤᠬᠢᠷᠠᠭᠤᠯᠵᠤ᠂ ᠡᠭᠦᠨ ᠳᠤ ᠨᠢᠬᠡᠴᠨ ᠶᠢᠨ ᠤᠷᠤᠯᠳᠤᠭᠠᠨ 5 ᠲᠦᠷᠤᠯ  ︵ᠬᠥᠯ ᠪᠥᠮᠪᠦᠭᠡ᠂ ᠳᠡᠭᠡᠰᠦ ᠲᠠᠲᠠᠬᠤ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ 4×100m ᠬᠦᠴᠤᠨ ᠲᠠᠮᠵᠢᠭᠤᠯᠬᠤ︶᠂ ᠬᠤᠪᠢ ᠬᠥᠮᠥᠨ ᠤ ᠤᠷᠤᠯᠳᠤᠭᠠᠨ 4 ᠲᠦᠷᠤᠯ ︵ᠰᠢᠷᠡᠮᠦᠨ ᠪᠥᠮᠪᠦᠭᠡ᠂ ᠬᠤᠯᠠ ᠭᠦᠶᠦᠯᠲᠡ᠂ ᠣᠶᠢᠷ᠎ᠠ ᠭᠦᠶᠦᠯᠲᠡ᠂ ᠰᠤᠷ ᠬᠠᠷᠪᠤᠯᠲᠠ︶᠂ ᠣᠲᠣ ᠦᠶ᠎ᠡ ᠶᠢᠨ ᠮᠣᠩᠭᠤᠯ ᠪᠥᠵᠢᠭ ᠲᠣᠭᠯᠠᠯᠲᠠ ᠶᠢᠨ ᠤᠷᠤᠯᠳᠤᠭᠠᠨ 1 ᠪᠠᠶᠢᠵᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠂ ᠰᠠᠭᠤᠭ᠎ᠠ ᠪᠠᠶᠢᠭᠤᠯᠭ᠎ᠠ ᠵᠡᠷᠬᠡ 7 ᠲᠥᠯᠥᠭᠡᠯᠡᠭᠴᠢᠳ ᠤᠨ ᠠᠩᠭᠢ ᠶᠢᠨ 200 ᠭᠠᠷᠤᠢ ᠲᠠᠮᠢᠷᠴᠢᠨ ᠤᠷᠤᠯᠳᠤᠭᠠᠨ ᠳᠤ  ᠤᠷᠤᠯᠴᠠᠪᠠ᠃      ᠪᠡᠶ᠎ᠡ ᠲᠠᠮᠢᠷ ᠤᠨ ᠴᠤᠭᠯᠠᠭᠠᠨ ᠳᠤ ︽ᠨᠥᠬᠦᠷᠯᠡᠯ ᠨᠢᠬᠡᠲᠤᠬᠡᠷ᠂ ᠤᠷᠤᠯᠳᠤᠭᠠᠨ ᠬᠤᠶᠠᠳᠤᠭᠠᠷ︾ ᠲᠤ ᠪᠠᠶᠢᠬᠤ ᠵᠠᠷᠴᠢᠮ ᠢ ᠪᠠᠷᠢᠮᠲᠠᠯᠠᠵᠤ᠂ ᠥᠷᠭᠡᠨ ᠤᠯᠠᠨ ᠲᠠᠮᠢᠷᠴᠢᠳ ᠤᠷᠤᠯᠳᠤᠭᠠᠨ ᠤ ᠬᠢᠷᠢ ᠬᠡᠮᠵᠢᠶ᠎ᠡ ᠪᠠ ᠤᠶᠤᠨ ᠰᠠᠨᠠᠭᠠᠨ ᠤ ᠳᠠᠪᠲᠠᠯᠲᠠ ᠶᠢ ᠬᠦᠯᠢᠶᠡᠵᠦ᠂ ᠤᠷᠤᠯᠳᠤᠭᠠᠨ ᠤ ᠳᠤᠮᠳᠠ ᠰᠢᠷᠭᠠᠭᠤ ᠬᠠᠲᠠᠭᠤᠵᠢᠯᠲᠠᠢ ᠪᠠᠷ ᠲᠡᠮᠡᠴᠡᠵᠦ᠂ ᠬᠠᠷᠢᠯᠴᠠᠨ ᠬᠠᠮᠵᠢᠯᠴᠠᠵᠤ᠂ ᠡᠷᠡᠭᠦᠯ ᠪᠣᠯᠪᠠᠰᠤᠨ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠭᠦᠢᠴᠡᠳ  ᠢᠯᠠᠷᠠᠬᠦᠯᠵᠤ᠂ ᠨᠢᠬᠡ ᠡᠳᠦᠷ ᠤᠨ ᠭᠤᠶᠢᠳᠠ ᠰᠠᠶᠢᠬᠠᠨ ᠮᠥᠷᠥᠶᠢᠴᠡᠭᠡᠨ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 7 ᠲᠥᠯᠥᠭᠡᠯᠡᠭᠴᠢᠳ ᠤᠨ ᠠᠩᠭᠢ ᠶᠢᠨ 101 ᠲᠠᠮᠢᠷᠴᠢᠨ ᠲᠣᠰ ᠤᠳᠠᠭᠠᠨ ᠤ  ᠪᠡᠶ᠎ᠡ ᠲᠠᠮᠢᠷ ᠤᠨ ᠦᠪᠡᠳᠡᠭᠰᠢ ᠴᠤᠭᠯᠠᠭᠠᠨ ᠳᠤ ᠢᠯᠠᠨ ᠳᠠᠪᠠᠵᠤ᠂ ᠱᠠᠩᠨᠠᠯ  ᠭᠥᠷᠳᠡᠵᠦ᠂ ᠭᠤᠶᠢᠳᠠ ᠰᠠᠶᠢᠬᠠᠨ ᠪᠡᠶ᠎ᠡ ᠲᠠᠮᠢᠷ ᠤᠨ ᠦᠪᠡᠳᠡᠭᠰᠢ ᠴᠤᠭᠯᠠᠭᠠᠨ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠠᠮᠢᠵᠢᠷᠠᠯ ᠤᠨ ᠬᠦᠴᠦᠨ ᠬᠢᠵᠠᠭᠠᠯᠠᠰᠢ ᠦᠭᠡᠢ᠂ ᠬᠥᠳᠡᠯᠭᠡᠭᠡᠨ ᠡᠭᠦᠷᠢᠳᠡ ᠵᠣᠭᠰᠣᠰᠢ ᠦᠭᠡᠢ ᠬᠡᠲᠡᠭ ᠪᠠᠷ ᠤᠯᠠᠨ ᠢᠶᠠᠷ ᠢᠶᠠᠨ᠂ ᠲᠤᠰ ᠤᠲᠠᠭᠠᠨ ᠤ ᠪᠡᠶ᠎ᠡ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠪᠡᠶ᠎ᠡ ᠮᠠᠬᠠᠪᠤᠳ ᠤᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠤᠷᠤᠯᠳᠤᠭᠠᠨ ᠤ ᠲᠠᠯᠠᠪᠤᠷ ᠲᠤ ᠢᠯᠡᠷᠡᠭᠰᠡᠨ ᠲᠡᠮᠡᠴᠡᠯ ᠤᠨ ᠵᠣᠷᠢᠭ ᠰᠠᠨᠠᠭ᠎ᠠ᠂ ᠬᠠᠮᠵᠢᠯᠴᠠᠬᠤ ᠵᠣᠷᠢᠭ ᠰᠠᠨᠠᠭ᠎ᠠ ᠶᠢ ᠠᠵᠢᠯ ᠠᠮᠢᠳᠤᠷᠠᠯ ᠳᠠᠭᠠᠨ ᠠᠪᠴᠢᠷᠠᠵᠤ᠂ ᠡᠷᠡᠯᠬᠡᠭᠯᠡᠨ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ᠎ᠠ‌‍ᠭᠡᠵᠦ  ᠢᠯᠡᠳᠬᠡᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号