2023 ᠣᠨ ᠤ 8 ᠰᠠᠷ᠎ᠠ ᠶᠢᠨ 26 ᠤ ᠡᠳᠦᠷ᠂ ᠠᠯᠲᠠᠨᠬᠢᠯᠢ ᠰᠤᠮᠤᠨ ᠤ ᠵᠡᠮᠳᠡᠭᠴᠦᠳ ᠤᠨ | ᠬᠤᠯᠪᠤᠭᠠᠲᠤ ᠬᠤᠷᠠᠯ ᠨᠢ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠠᠤᠯᠢ ᠴᠠᠭᠠᠵᠠ ᠶᠢᠨ ᠰᠠᠯᠪᠤᠷᠢ ᠲᠠᠢ | ᠬᠠᠮᠲᠤᠷᠠᠨ ︽ᠲᠥᠷᠥᠯᠬᠢ ᠵᠡᠮᠳᠡᠭ ᠢ ᠤᠷᠢᠳᠴᠢᠯᠠᠨ ᠰᠡᠷᠭᠡᠶᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠰᠠᠬᠢᠨ | ᠬᠠᠮᠠᠭᠠᠯᠠᠬᠤ︾ ᠭᠤᠣᠯ ᠰᠡᠳᠦᠪ ᠤᠨ ᠲᠤᠭᠤᠷᠢᠨ ᠳᠤ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠵᠡᠮᠳᠡᠭ ᠢ | ᠰᠡᠷᠭᠡᠶᠢᠯᠡᠬᠦ ᠡᠳᠦᠷ ᠤᠨ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠪᠠ᠃ | ᠠᠵᠢᠯᠯᠠᠭ᠎ᠠ ᠳᠤ ᠲᠤᠰᠬᠠᠢ ᠰᠡᠳᠦᠪᠲᠦ ᠪᠤᠯᠪᠠᠰᠤᠷᠠᠯ ᠤᠨ ᠠᠷᠭ᠎ᠠ ᠪᠠᠷ ᠡᠷᠡᠭᠦᠯ ᠬᠠᠮᠠᠭᠠᠯᠠᠯ ᠤᠨ ᠬᠤᠷᠢᠶᠠᠨ ᠤ | ᠡᠮᠴᠢ ᠠᠴᠠ ᠮᠠᠯᠴᠢᠨ ︵ᠰᠠᠭᠤᠭᠠᠯᠢ︶ ᠠᠷᠠᠳ ᠲᠤ ᠤᠷᠤᠭᠯᠠᠬᠤ ᠠᠴᠠ ᠡᠮᠦᠨᠡᠬᠢ ᠡᠷᠡᠭᠦᠯᠵᠢᠯ᠂ ᠵᠢᠷᠮᠦᠰᠦᠨ | ᠬᠤᠭᠤᠴᠠᠭᠠᠨ ᠤ ᠡᠷᠡᠭᠦᠯᠵᠢᠯ᠂ ᠬᠥᠩᠭᠡᠵᠢᠯᠲᠡ ᠶᠢᠨ ᠬᠤᠭᠤᠴᠠᠭᠠᠨ ᠤ ᠡᠷᠡᠭᠦᠯᠵᠢᠯ ᠵᠡᠷᠭᠡ ᠵᠡᠮᠳᠡᠭ ᠲᠦᠷᠦᠭᠦ ᠶᠢ | ᠤᠷᠢᠳᠴᠢᠯᠠᠨ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠰᠢᠨ᠎ᠡ ᠬᠤᠷᠢᠮᠯᠠᠭᠰᠠᠨ ᠡᠷ᠎ᠡ ᠡᠮ᠎ᠡ᠂ | ᠬᠥᠩᠭᠡᠵᠢᠬᠦ ᠨᠠᠰᠤᠨ ᠤ ᠡᠮᠡᠭᠲᠡᠢ᠂ ᠵᠢᠷᠮᠦᠰᠦᠨ ᠡᠮᠡᠭᠲᠡᠢ ᠵᠡᠷᠭᠡ ᠭᠤᠣᠯᠳᠠᠯᠭ᠎ᠠ ᠲᠠᠢ ᠬᠥᠮᠥᠰ ᠤᠨ ᠤᠷᠤᠭᠯᠠᠬᠤ ᠠᠴᠠ | ᠡᠮᠦᠨᠡᠬᠢ ᠂ ᠵᠢᠷᠮᠦᠰᠦᠯᠡᠬᠦ ᠠᠴᠠ ᠡᠮᠦᠨᠡᠬᠢ ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠵᠡᠷᠭᠡ ᠶᠢ ᠰᠠᠶᠢᠲᠤᠷ | ᠬᠢᠵᠤ᠂ ᠦᠵᠡᠯ ᠤᠬᠠᠮᠰᠠᠷ ᠪᠠᠨ ᠲᠡᠬᠡᠭᠰᠢᠯᠠᠬᠦᠯᠬᠦ ᠬᠡᠷᠡᠭᠲᠠᠢ ᠬᠡᠪᠠ᠃ ᠡᠬᠦᠨ ᠤ ᠬᠠᠮᠲᠤ ᠬᠠᠤᠯᠢ ᠴᠠᠭᠠᠵᠠ ᠶᠢᠨ | ᠰᠠᠯᠪᠤᠷᠢ ᠶᠢᠨ ᠠᠵᠢᠯᠲᠠᠳ ᠨᠢ ᠵᠡᠮᠳᠡᠭᠴᠦᠳ ᠢ ᠬᠠᠮᠠᠭᠠᠯᠠᠬᠤ ᠠᠭᠤᠯᠭ᠎ᠠ ᠶᠢᠨ ᠲᠣᠭᠤᠷᠢᠨ ᠳᠤ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ ᠪᠠ | ᠦᠨᠳᠦᠰᠦᠨ ᠵᠠᠷᠴᠢᠮ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠦᠯᠢᠶᠡᠨ ᠠᠪᠬᠤ ᠬᠡᠪᠴᠢᠶ᠎ᠡ ᠵᠢᠴᠢ ᠠᠵᠤ | ᠠᠬᠤᠢ ᠶᠢᠨ ᠪᠠᠶᠢᠳᠠᠯ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠨᠥᠬᠦᠴᠡᠯ ᠵᠡᠷᠭᠡ ᠲᠠᠯ᠎ᠠ ᠪᠠᠷ | ᠲᠠᠶᠢᠯᠪᠤᠷᠢᠯᠠᠯᠲᠠ ᠬᠢᠭᠰᠡᠨ ᠪᠥᠭᠡᠳ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃ ᠲᠠᠷᠠᠭ᠎ᠠ | ᠳᠤ ᠨᠢ ᠡᠷᠦᠬᠡ ᠳᠤ ᠬᠦᠨᠵᠡᠬᠡᠶᠢᠷᠠᠬᠦ ᠬᠡᠯᠪᠡᠷᠢ ᠪᠠᠷ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠵᠡᠮᠳᠡᠭ ᠢ | ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠪᠠ᠃ | ︽ᠲᠥᠷᠥᠯᠬᠢ ᠵᠡᠮᠳᠡᠭ ᠢ ᠤᠷᠢᠳᠴᠢᠯᠠᠨ ᠰᠡᠷᠭᠡᠶᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠰᠠᠬᠢᠨ | ᠬᠠᠮᠠᠭᠠᠯᠠᠬᠤ︾ ᠵᠡᠮᠳᠡᠭᠴᠦᠳ ᠢ ᠲᠤᠰᠠᠯᠠᠬᠤ ᠡᠳᠦᠷ ᠤᠨ ᠤᠬᠠᠭᠤᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠤᠨ᠂ ᠣᠯᠠᠨ ᠳᠤ ᠵᠡᠮᠳᠡᠭᠴᠦᠳ ᠢ ᠲᠤᠰᠠᠯᠠᠵᠤ ᠵᠡᠮᠳᠡᠭᠴᠦᠳ ᠢ ᠬᠠᠶᠢᠷᠠᠯᠠᠬᠤ ᠦᠵᠠᠯ | ᠤᠬᠠᠮᠰᠠᠷ ᠢ ᠤᠯᠠᠨ ᠨᠢᠬᠡ ᠠᠯᠬᠤᠮ ᠲᠠᠬᠡᠭᠰᠢᠯᠠᠬᠦᠯᠵᠤ᠂ ᠪᠥᠬᠦ ᠨᠡᠶᠢᠭᠡᠮ ᠤᠨ ᠵᠡᠮᠳᠡᠭ ᠢ ᠤᠷᠢᠳᠴᠢᠯᠠᠨ ᠰᠡᠷᠭᠡᠶᠢᠯᠡᠬᠦ | ᠦᠵᠡᠯ ᠤᠬᠠᠮᠰᠠᠷ ᠢ ᠴᠢᠩᠭᠠᠷᠠᠭᠤᠯᠪᠠ᠃ | |