ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ 8 ᠳ᠋ᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠨᠠᠮᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/14
      8 ᠰᠠᠷ᠎ᠠ ᠶᠢᠨ 31 ᠤ ᠡᠳᠦᠷ᠂ ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ 8 ᠳ᠋ᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠨᠠᠮᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠣᠯᠣᠨ ᠳᠡᠳ᠋ ᠬᠤᠰᠢᠭᠤ ᠳᠠᠷᠤᠭ᠎ᠠ ᠨᠠᠷ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠰᠢᠭᠤ ᠨᠠᠮ ‍ᠤᠨ‌ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠬᠤᠷᠠᠯ ᠡᠷᠬᠢᠯᠡᠵᠡᠢ᠃      ᠬᠤᠷᠠᠯ ᠳᠡᠭᠡᠷ᠎ᠡ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠣᠶᠢᠷ᠎ᠠ ᠶᠢᠨ ᠬᠤᠭᠤᠴᠠᠭᠠᠨ ᠤ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ  ᠤ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠣᠳᠠᠲᠠᠢ ᠲᠣᠬᠢᠷᠠᠭᠤᠯᠤᠨ ᠪᠠᠶᠢᠷᠢᠯᠠᠭᠤᠯᠵᠤ᠂ ᠳᠡᠳ᠋ ᠬᠤᠰᠢᠭᠤ ᠳᠠᠷᠤᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ᠂ ᠵᠠᠩᠭᠢᠯᠠᠭ᠎ᠠ ᠶᠢᠨ ᠬᠦᠷᠢᠶ᠎ᠡ ᠪᠠ ᠭᠤᠣᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ︽ᠬᠠᠤᠯᠢ ᠪᠤᠰᠤ ᠦᠶᠯᠡ ᠠᠵᠢᠯᠯᠠᠭ᠎ᠠ ᠳᠤ ᠴᠣᠬᠢᠯᠲᠠ ᠥᠭᠬᠦ︾ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠨᠠᠮᠤᠷ ᠤᠨ ᠤᠯᠠᠷᠢᠯ ᠤᠨ ᠣᠶ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠤᠭᠤᠴᠠᠭ᠎ᠠ ᠣᠶᠢᠷᠠᠳᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠬᠦᠨᠳᠦ ᠬᠡᠴᠡᠭᠦᠦ ᠪᠠᠶᠢᠭ᠎ᠠ ᠪᠣᠯᠬᠤᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠡᠯ᠎ᠡ ᠵᠦᠢᠯ ᠤᠨ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ  ᠂ ᠡᠯ᠎ᠡ ᠰᠠᠯᠠᠭ᠎ᠠ ᠮᠥᠴᠢᠷ ᠤᠨ ᠬᠢᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠵᠤ ᠠᠬᠤᠢ ᠶᠢᠨ ᠬᠥᠭᠵᠢᠯᠲᠡ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号