ᠮᠠᠨ ᠤ ᠬᠤᠰᠢᠭᠤ ᠪᠥᠬᠦ ᠠᠶᠢᠮᠠᠭ ᠲᠤ ᠠᠩᠬᠠᠳᠠᠭᠴᠢ ᠬᠤᠰᠢᠭᠤ ᠰᠢᠶᠠᠨ ᠤ ︽ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠣᠨ ᠪᠠᠩᠬᠢ ᠶᠢ ᠨᠢᠭᠡ ᠴᠣᠭᠴᠠᠵᠢᠭᠤᠯᠬᠤ ︾ ᠢᠨᠵᠧᠨᠧᠷᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2023/9/14
      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠷᠭᠡᠨ ᠣᠯᠠᠨ ᠮᠠᠯᠴᠢᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠮᠠᠨ ᠤ ᠬᠤᠰᠢᠭᠤ ︽ᠨᠡᠶᠢᠭᠡᠮ ᠤᠨ ᠪᠠᠲᠤᠯᠠᠭ᠎ᠠ ᠶᠢᠨ ᠮᠥᠩᠭᠦ ᠶᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ︽ᠣᠶᠢᠷᠠᠯᠴᠠᠭ᠎ᠠ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠰᠢᠢᠳᠪᠦᠷᠢᠯᠡᠬᠦ︾ ᠵᠡᠷᠭᠡ ᠲᠤᠬᠠᠶᠢᠯᠠᠭᠰᠠᠨ ᠠᠵᠢᠯ ᠤᠨ ᠳᠠᠪᠠᠭᠤᠯᠢᠭ ᠢᠶᠠᠷ ᠳᠠᠮᠵᠢᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠠᠬᠢᠨᠲᠠ ᠲᠦᠯᠬᠢᠨ ᠠᠬᠢᠭᠤᠯᠤᠭᠰᠠᠨ ᠪᠠᠶᠢᠨ᠎ᠠ᠃      2023 ᠣᠨ ᠤ ᠡᠬᠢᠨ ᠳᠤ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠨᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠪᠠᠩᠬᠢ᠂ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠭᠡᠷ᠎ᠡ ᠲᠣᠭᠲᠠᠵᠤ᠂ ᠣᠯᠠᠨ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ  ᠶᠢ ᠪᠠᠩᠬᠢ ᠶᠢᠨ ᠲᠤᠬᠠᠶᠢᠯᠠᠭᠰᠠᠨ ᠠᠵᠢᠯ ᠯᠤᠭ᠎ᠠ ᠠᠭᠤᠰᠤᠯᠴᠠᠭᠤᠯᠵᠤ᠂ ᠪᠠᠩᠬᠢ ᠶᠢᠨ ᠦᠢᠯᠡᠴᠢᠯᠡᠭᠡᠨ ᠤ ᠴᠡᠭ ᠣᠯᠠᠨ᠂ ᠬᠦᠷᠢᠶ᠎ᠡ ᠬᠡᠪᠴᠢᠶ᠎ᠡ ᠥᠷᠭᠡᠨ ᠪᠠᠶᠢᠳᠠᠭ ᠳᠦᠭᠦᠮ ᠪᠠᠶᠢᠳᠠᠭ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠠᠷᠢᠶᠠᠯᠠᠩ  ᠤᠨ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠦᠢᠯᠡᠴᠢᠯᠡᠭᠡᠨ ᠤ ᠴᠡᠭ ᠢ ︽ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠯᠤᠨ ᠪᠠᠩᠬᠢ ᠶᠢ ᠨᠢᠭᠡ ᠴᠣᠭᠴᠠᠵᠢᠭᠤᠯᠬᠤ ᠢᠨᠵᠧᠨᠧᠷᠢᠭ︾  ᠲᠤ ᠬᠠᠮᠤᠷᠤᠨ ᠣᠷᠣᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠬᠠᠮᠲᠤᠷᠠᠨ ᠭᠦᠢᠴᠡᠳᠬᠡᠬᠦ ᠪᠣᠶᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠵᠡᠨ ᠮᠡᠳᠡᠵᠦ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠭᠤᠣᠯ ᠴᠣᠭᠴᠠ ᠪᠣᠯᠭᠠᠭᠰᠠᠨ᠂ ᠪᠠᠩᠬᠢ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠨᠥᠬᠦᠪᠦᠷᠢ ᠪᠣᠯᠭᠠᠭᠰᠠᠨ ︽ᠨᠢᠭᠡ ᠠᠵᠢᠯ ᠣᠯᠠᠨ ᠵᠠᠷᠤᠯᠭ᠎ᠠ︾ ᠶᠢᠨ ᠦᠢᠯᠡᠴᠢᠯᠡᠭᠡᠨ ᠤ ᠪᠠᠶᠢᠷᠢᠰᠢᠯ ᠢ ᠪᠣᠶ ᠪᠤᠯᠭᠠᠪᠠ᠃      ᠣᠶᠢᠯᠠᠭᠠᠭᠰᠠᠨ ᠢᠶᠠᠷ᠂ ᠣᠳᠣ ᠪᠣᠯᠲᠠᠯ᠎ᠠ ᠮᠠᠨ ᠤ ᠬᠤᠰᠢᠭᠤᠨ ᠤ ︽ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠯᠤᠨ ᠪᠠᠩᠬᠢ ᠶᠢ ᠨᠢᠭᠡ ᠴᠣᠭᠴᠠᠵᠢᠭᠤᠯᠬᠤ ᠢᠨᠵᠧᠨᠧᠷᠢᠭ︾ ᠨᠢᠭᠡᠨᠲᠡ 5 ᠦᠢᠯᠡᠴᠢᠯᠡᠭᠡᠨ ᠤ ᠴᠡᠭ ᠢ ᠠᠩᠬ᠎ᠠ ᠠᠯᠬᠤᠮ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ᠨᠡᠶᠢᠭᠡᠮ ᠤᠨ ᠳᠠᠭᠠᠳᠬᠠᠯ ᠪᠠ ᠪᠠᠩᠬᠢ ᠶᠢᠨ ᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠵᠦ᠂ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ + ᠮᠥᠩᠭᠦᠨ ᠭᠦᠢᠯᠭᠡᠭᠡᠨ ᠤ ᠦᠢᠯᠡᠴᠢᠯᠡᠭᠡ︾ ᠶᠢᠨ ᠭᠠᠷᠲᠠᠨ ᠭᠦᠢᠴᠡᠳᠬᠡᠬᠦ ᠰᠢᠨ᠎ᠡ ᠵᠠᠭᠪᠤᠷ ᠢᠶᠠᠷ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ᠂ ᠰᠦᠢᠳᠬᠡᠯ ᠲᠤᠰᠢᠶᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ᠂ ᠨᠡᠶᠢᠭᠡᠮ ᠤᠨ ᠳᠠᠭᠠᠳᠬᠠᠯ ᠤᠨ ᠺᠠᠷᠲ ᠢ ᠭᠦᠢᠴᠡᠳᠬᠡᠬᠦ ᠵᠡᠷᠭᠡ 25 ᠵᠦᠢᠯ ᠤᠨ ᠲᠤᠬᠠᠶᠢᠯᠠᠭᠰᠠᠨ ᠠᠵᠢᠯ ᠢ ᠪᠠᠩᠬᠢ ᠶᠢᠨ ᠭᠦᠢᠴᠡᠳᠬᠡᠬᠦ ᠬᠡᠪᠴᠢᠶᠡᠨ ᠳᠤ ᠣᠷᠣᠭᠤᠯᠬᠤ ᠶᠢᠨ ᠬᠠᠮᠲᠤ 2024 ᠣᠨ ᠤ ᠵᠢᠯ ᠤᠨ ᠡᠴᠦᠰ ᠲᠤ ᠦᠢᠯᠡᠴᠢᠯᠡᠭᠡᠨ ᠤ ᠲᠣᠣᠷ ᠴᠡᠭ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠵᠢᠱᠢᠵᠦ ᠪᠣᠶ᠃ ᠰᠤᠮᠤ᠂ ᠭᠠᠴᠠᠭ᠎ᠠ ᠬᠤᠶᠠᠷ ᠱᠠᠲᠤᠨ ᠤ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠲᠦᠰᠢᠭᠯᠡᠨ᠂ ᠪᠥᠬᠦ ᠬᠤᠰᠢᠭᠤᠨ ᠤ 9 ᠰᠤᠮᠤ ᠪᠠᠯᠭᠠᠰᠤ᠂ 62 ᠭᠠᠴᠠᠭ᠎ᠠ᠂ 16 ᠨᠡᠶᠢᠭᠡᠮ ᠲᠣᠭᠤᠷᠢᠭ ᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ ᠫᠠᠶᠢᠰᠠ ᠡᠯᠭᠦᠨ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠪᠠ᠃ ᠣᠳᠣᠬᠠᠨ ᠳᠤ᠂ ᠰᠤᠮᠤ ᠪᠠᠯᠭᠠᠰᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠨᠢ 21 ᠵᠦᠢᠯ ᠤᠨ ᠲᠤᠬᠠᠶᠢᠯᠠᠭᠰᠠᠨ ᠠᠵᠢᠯ ᠢ ᠳᠠᠭᠠᠭᠠᠨ ᠠᠪᠴᠤ ᠭᠦᠢᠴᠡᠳᠬᠡᠨ᠂ ᠭᠠᠴᠠᠭ᠎ᠠ ᠨᠡᠶᠢᠭᠡᠮ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠠᠪᠴᠠᠩ ᠨᠢ 12 ᠵᠦᠢᠯ ᠤᠨ ᠲᠤᠬᠠᠶᠢᠯᠠᠭᠰᠠᠨ ᠠᠵᠢᠯ ᠢ ᠳᠠᠭᠠᠭᠠᠨ ᠠᠪᠴᠤ ᠭᠦᠢᠴᠡᠳᠬᠡᠵᠡᠢ᠃      ᠮᠠᠨ ᠤ ᠬᠤᠰᠢᠭᠤ ︽ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠯᠤᠨ ᠪᠠᠩᠬᠢ ᠶᠢ ᠨᠢᠭᠡ ᠴᠣᠭᠴᠠᠵᠢᠭᠤᠯᠬᠤ  ︾ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠠᠬᠢᠭᠤᠯᠬᠤ ᠪᠠᠷ ᠳᠡᠮᠵᠢᠨ᠂ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠴᠣᠩᠬᠤ ᠶᠢ ᠣᠯᠠᠨ ᠲᠦᠮᠡᠨ ᠤ ᠳᠡᠷᠭᠡᠳᠡ ᠰᠢᠯᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号