ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠵᠤ᠂ ᠭᠠᠯ | ᠰᠡᠷᠭᠡᠶᠢᠯᠡᠬᠦ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠳᠠᠯ ᠳᠡᠭᠡᠳᠦ ᠬᠡᠮᠵᠢᠶ᠎ᠡ ᠪᠠᠷ ᠲᠣᠭᠲᠠᠭᠤᠨ ᠪᠠᠶᠢᠬᠤ ᠶᠢ | ᠪᠠᠲᠤᠯᠠᠬᠤ ᠶᠢᠨ ᠲᠥᠯᠥᠭᠡ᠂ 8 ᠰᠠᠷ᠎ᠠ ᠶᠢᠨ 25 ᠤ ᠡᠳᠦᠷ᠂ ᠰᠠᠮᠠᠢ ᠰᠤᠮᠤ ᠨᠢ ᠨᠠᠮᠤᠷ ᠤᠨ ᠤᠯᠠᠷᠢᠯ ᠤᠨ ᠭᠠᠯ | ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠡᠯ᠎ᠡ ᠭᠠᠴᠠᠭᠠᠨ ᠤ ᠨᠠᠮ ᠤᠨ ᠡᠭᠦᠷ | ᠤᠨ ᠱᠦᠵᠢ ᠵᠢᠴᠢ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠪᠥᠬᠦ ᠺᠠᠳ᠋ᠷ ᠠᠵᠢᠯᠲᠠᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ ᠬᠠᠪᠤᠷ ᠤᠨ ᠤᠯᠠᠷᠢᠯ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳ᠋ᠦᠩᠨᠡᠨ | ᠡᠷᠭᠢᠴᠡᠭᠦᠯᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠪᠡ᠃ ᠡᠭᠦᠨ ᠤ ᠬᠠᠮᠲᠤ᠂ ᠪᠥᠬᠦ ᠰᠤᠮᠤ ᠶᠢᠨ 2023 ᠣᠨ | ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠢ ᠵᠠᠳᠠᠯᠵᠤ᠂ | ᠡᠨᠡ ᠵᠢᠯ ᠤᠨ ᠪᠥᠬᠦ ᠰᠤᠮᠤᠨ ᠤ ᠨᠠᠮᠤᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠪᠣᠳᠠᠲᠠᠶ ᠠᠵᠢᠯ ᠤᠨ | ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠱᠠᠭᠠᠷᠳᠠᠭᠰᠠᠨ ᠨᠢ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠤᠳᠠᠯ ᠥᠬᠡᠶ | ᠬᠦᠷᠴᠦ ᠢᠷᠡᠬᠦ ᠭᠡᠵᠦ ᠪᠠᠶᠢᠨ᠎ᠠ᠂ ᠮᠠᠨ ᠤ ᠰᠤᠮᠤᠨ ᠤ ᠡᠪᠡᠰᠦ ᠬᠠᠳᠤᠬᠤ ᠲᠠᠯᠠᠪᠠᠢ ᠨᠡᠯᠢᠶᠡᠳ ᠶᠡᠭᠡ᠂ ᠡᠪᠡᠰᠦ | ᠬᠠᠳᠤᠬᠤ ᠠᠵᠢᠯ ᠳᠤ ᠭᠠᠳᠠᠨ᠎ᠠ ᠠᠴᠠ ᠢᠷᠡᠭᠰᠡᠨ ᠬᠥᠮᠦᠨ ᠮᠠᠰᠢ ᠣᠯᠠᠨ᠂ ᠡᠯ᠎ᠡ ᠭᠠᠴᠠᠭ᠎ᠠ ᠨᠢ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠢᠶ᠎ᠠ | ᠣᠷᠣᠨ ᠤ ᠪᠠᠨ ᠭᠠᠯ ᠰᠡᠷᠭᠡᠶᠢᠯᠡᠬᠦ ᠠᠵᠢᠯ ᠢ ᠰᠠᠶᠢᠲᠤᠷ ᠪᠠᠶᠢᠷᠢᠯᠠᠭᠤᠯᠵᠤ᠂ ᠨᠠᠮᠤᠷ ᠤᠨ ᠤᠯᠠᠷᠢᠯ ᠤᠨ ᠭᠠᠯ | ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠨ᠂ ᠮᠠᠯᠵᠢᠬᠤ ᠡᠷᠦᠬᠡ ᠶᠢᠨ ᠭᠠᠯ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠠᠯ ᠤᠨ ᠠᠶᠤᠯ ᠤᠨ ᠳᠠᠯᠳᠠ ᠬᠡᠮ ᠢ ᠢᠳᠡᠪᠬᠢᠲᠡᠶ ᠪᠠᠷ ᠵᠢᠭᠰᠠᠭᠠᠨ ᠪᠠᠶᠢᠴᠠᠭᠠᠵᠤ᠂ ᠥᠷᠭᠡᠨ | ᠣᠯᠠᠨ ᠮᠠᠯᠵᠢᠬᠤ ᠡᠷᠦᠬᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠡᠶ᠃ | | ᠬᠤᠷᠠᠯ ᠠᠴᠠ᠂ ᠨᠠᠮᠤᠷ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ | ᠠᠳᠬᠤᠬᠤ ᠬᠡᠷᠡᠭᠲᠡᠢ᠄ ᠨᠢᠭᠡ ᠳᠤ᠂ ᠪᠠᠶᠢᠳᠠᠯ ᠢ ᠲᠣᠳᠣᠷᠬᠠᠢ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ᠂ ᠤᠢ | ᠰᠢᠭᠤᠢ ᠶᠢᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ︔ | ᠬᠤᠶᠠᠷ ᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠪᠦᠬᠦ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠦᠵᠡᠯ ᠤᠬᠠᠮᠰᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ | ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢᠨ | ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ︔ ᠳᠥᠷᠪᠡ ᠳᠤ᠂ ᠣᠶ ᠰᠢᠭᠤᠶ ᠶᠢᠨ ᠭᠠᠯ ᠰᠡᠷᠭᠡᠶᠢᠯᠡᠬᠦ ᠡᠩᠨᠡᠭᠡᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ︔ ᠲᠠᠪᠤ ᠳᠤ᠂ ᠤᠳᠤᠷᠢᠳᠬᠤ ᠺᠠᠳ᠋ᠷᠴᠤᠳ 24 | ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ | ᠨᠡᠪᠲᠡᠷᠡᠬᠦ᠂ ᠲᠦᠷᠭᠡᠨ ᠲᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |