ᠰᠠᠮᠠᠢ ᠰᠤᠮᠤ ᠨᠢ ᠲᠠᠪᠤᠨ ᠪᠠᠲᠤᠯᠠᠭᠠᠲᠤ ᠡᠷᠦᠬᠡ ᠶᠢ ᠪᠤᠯᠭᠤᠭᠠᠨ ᠳᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/14
      ᠲᠠᠪᠤᠨ ᠪᠠᠲᠤᠯᠠᠭᠠᠲᠤ ᠡᠷᠦᠬᠡ ᠶᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠳᠡᠲᠡᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠪᠠᠲᠤᠯᠠᠨ᠂ ᠠᠮᠢᠳᠤᠷᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠣᠶᠢᠯᠠᠭᠠᠵᠤ᠂ ᠲᠠᠪᠤᠨ ᠪᠠᠲᠤᠯᠠᠭᠠᠲᠤ ᠡᠷᠦᠬᠡ ᠶᠢ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠶᠢᠨ ᠲᠥᠯᠥᠭᠡ᠂ 8 ᠰᠠᠷ᠎ᠠ ᠶᠢᠨ 25 ᠤ ᠡᠳᠦᠷ᠂  ᠰᠠᠮᠠᠢ ᠰᠤᠮᠤᠨ ᠤ ᠨᠡᠶᠢᠭᠡᠮ ᠤᠨ ᠶᠠᠪᠤᠳᠠᠯ ᠤᠨ ᠠᠯᠪᠠᠨ ᠬᠡᠷ ᠤᠨ ᠠᠵᠢᠯᠲᠠᠨ ᠨᠢ ᠲᠠᠪᠤᠨ ᠪᠠᠲᠤᠯᠠᠭᠠᠲᠤ ᠡᠷᠦᠬᠡ ᠶᠢ ᠬᠠᠯᠠᠮᠵᠢᠯᠠᠨ ᠬᠠᠶᠢᠷᠠᠯᠠᠵᠤ  ᠪᠤᠯᠭᠤᠭᠠᠨ ᠳᠤᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ᠠᠴᠠ ᠲᠡᠳᠡᠨ ᠤ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠵᠢᠴᠢ ᠲᠡᠳᠡᠨ ᠤ ᠠᠮᠢᠳᠤᠷᠠᠯ ᠳᠤᠮᠳᠠ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠨᠠᠷᠢᠨ  ᠤᠶᠢᠯᠠᠭᠠᠵᠤ᠂ ᠨᠠᠰᠤᠲᠠᠨ ᠤ ᠡᠳᠦᠷ ᠲᠤᠲᠤᠮ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠵᠢᠯᠲᠠᠳ ᠪᠠᠰᠠ ᠲᠡᠳᠡᠨ ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠪᠠ᠃ ᠡᠭᠦᠨ ᠤ ᠬᠠᠮᠲᠤ᠂ ᠠᠰᠠᠷᠠᠨ ᠬᠠᠷᠠᠭᠠᠯᠵᠠᠭᠴᠢ ᠳᠤ ᠬᠠᠮᠢᠶ᠎ᠠ ᠪᠥᠬᠦᠶ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠠᠰᠠᠷᠠᠨ ᠲᠡᠵᠢᠭᠡᠵᠦ ᠪᠠᠶᠢᠭ᠎ᠠ ᠬᠥᠮᠦᠰ ᠢ ᠬᠠᠪᠰᠤᠷᠤᠨ ᠬᠡᠷ ᠪᠦᠯᠢ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠨᠢ ᠴᠡᠪᠡᠷᠯᠡᠵᠦ᠂ ᠣᠷᠣᠨ ᠰᠠᠭᠤᠴᠠ ᠶᠢᠨ ᠬᠢᠨᠢ ᠠᠮᠤᠷ ᠲᠦᠪᠰᠢᠨ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ᠂ ᠡᠷᠡᠭᠦᠯ ᠮᠡᠨᠳᠦ ᠶᠢᠨ ᠪᠠᠶᠢᠳᠠᠯ ᠢ ᠨᠢ ᠶᠡᠷᠦᠩᠬᠡᠶᠢᠯᠡᠨ ᠦᠨᠡᠯᠡᠨ ᠵᠢᠱᠢᠬᠦ ᠶᠢᠨ ᠬᠠᠮᠲᠤ᠂ ᠠᠰᠠᠷᠠᠨ ᠲᠡᠵᠢᠭᠡᠬᠦ ᠬᠦᠰᠡᠯ ᠡᠷᠡᠮᠡᠯᠵᠡᠯ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠵᠡᠷᠭᠡ ᠪᠠᠶᠢᠳᠠᠯ ᠲᠠᠢ ᠤᠶᠠᠯᠳᠤᠭᠤᠯᠤᠨ ᠪᠥᠬᠦ ᠲᠠᠯ᠎ᠠ ᠪᠠᠷ ᠪᠠᠶᠢᠳᠠᠯ ᠢ  ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠬᠡᠷᠡᠭᠲᠡᠶ ᠭᠡᠵᠦ ᠵᠠᠬᠢᠪᠠ᠃      ᠲᠣᠰ ᠤᠳᠠᠭᠠᠨ ᠤ ᠠᠵᠢᠯᠯᠠᠭ᠎ᠠ ᠨᠢ ᠲᠠᠪᠤᠨ ᠪᠠᠲᠤᠯᠠᠭᠠᠲᠤ ᠡᠷᠦᠬᠡ ᠳᠤ ᠨᠡᠶᠢᠭᠡᠮ ᠤᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ ᠬᠤᠶᠢᠰᠢᠳᠠ ᠶᠢᠨ ᠠᠵᠢᠯ ᠤᠨ ᠳᠤᠮᠳᠠ᠂ ᠰᠠᠮᠠᠢ ᠰᠤᠮᠤ ᠨᠢ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠣᠷᠣᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠪᠤᠨ ᠪᠠᠲᠤᠯᠠᠭᠠᠲᠤ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠠᠩᠬᠠᠷᠤᠨ᠂ ᠬᠦᠰᠡᠵᠦ ᠪᠠᠶᠢᠭ᠎ᠠ ᠵᠦᠶᠯ ᠢ ᠨᠢ ᠰᠢᠶᠳᠪᠦᠷᠢᠯᠡᠵᠦ᠂ ᠦᠨᠡᠨ ᠰᠡᠳᠬᠢᠯᠭᠡ ᠪᠠ ᠬᠠᠶᠢᠷ᠎ᠠ ᠬᠠᠯᠠᠮᠵᠢ ᠪᠠᠷ ᠲᠡᠳᠡᠨ ᠢ ᠳᠤᠯᠠᠭᠠᠴᠠᠭᠤᠯᠤᠨ᠂ ᠲᠡᠳᠡᠨ ᠢ ᠨᠠᠩ ᠪᠠᠲᠤ ᠴᠢᠩᠭ᠎ᠠ ᠢᠲᠡᠭᠡᠯ ᠵᠣᠷᠢᠭ ᠲᠠᠢ ᠪᠣᠯᠭᠠᠵᠤ᠂ ᠢᠷᠡᠭᠡᠳᠦᠶ ᠶᠢᠨ ᠠᠮᠢᠳᠤᠷᠠᠯ ᠳᠤ ᠨᠢ ᠬᠦᠰᠡᠯ ᠡᠷᠡᠮᠡᠯᠵᠡᠯ ᠪᠢᠯᠬᠠᠮ᠎ᠠ ᠪᠤᠯᠭᠠᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号