⒈ ᠳᠣᠷᠠᠳᠠᠢ ᠵᠦᠢᠯ ᠠᠴᠠ ᠪᠠᠨ ᠭᠠᠷᠳᠠᠨ᠎ᠠ᠃ ᠪᠡᠶ᠎ᠡ ᠪᠠᠨ ᠪᠠᠷᠢᠬᠤ ᠰᠠᠶᠢᠨ ᠳᠠᠳᠬᠠᠯ ᠲᠠᠢ ᠪᠣᠯᠣᠶ᠎ᠠ ᠭᠡᠪᠡᠯ᠂ | ᠥᠪᠡᠷ ᠤᠨ ᠳᠤᠷᠠᠲᠠᠢ ᠵᠦᠢᠯ ᠠᠴᠠ ᠪᠠᠨ ᠭᠠᠷᠳᠠᠵᠤ ᠬᠢᠬᠦ ᠬᠡᠷᠡᠭᠲᠡᠢ᠃ ᠨᠣᠮ ᠳᠤ ᠳᠤᠷᠠᠲᠠᠢ ᠬᠥᠮᠥᠨ ᠡᠷᠲᠡ | ᠪᠣᠰᠣᠭᠠᠳ ᠥᠷᠯᠥᠭᠡ ᠨᠢᠭᠡ ᠴᠠᠭ ᠨᠤᠮ ᠤᠩᠰᠢᠬᠤ ᠨᠢ ᠡᠩ ᠤᠨ ᠯᠠ ᠶᠠᠪᠤᠳᠠᠯ︔ ᠳᠠᠮᠢᠷ ᠰᠫᠤᠷᠲ ᠲᠤ ᠳᠤᠷᠠᠲᠠᠢ | ᠬᠥᠮᠥᠨ ᠬᠦᠶᠦᠵᠦ ᠪᠠᠶᠢᠭᠠᠳ ᠬᠥᠯᠥᠰᠦ ᠠᠰᠬᠠᠷᠠᠭᠤᠯᠬᠤ ᠳᠤ ᠦᠪᠡᠷ ᠲᠤᠨᠢ ᠵᠢᠷᠭᠠᠯ ᠲᠠᠢ ᠮᠡᠳᠡᠷᠡᠮᠵᠢ ᠥᠭᠬᠦᠨ᠎ᠡ᠃ | ᠡᠶᠢᠮᠦ ᠠᠴᠠ ᠪᠡᠶ᠎ᠡ ᠳᠡᠭᠡᠨ ᠲᠣᠬᠢᠷᠠᠬᠤ ᠦᠭᠡᠢ ᠵᠦᠢᠯ ᠢ ᠠᠯᠪᠠ ᠪᠠᠷ ᠬᠢᠬᠦ ᠶᠢᠨ ᠣᠷᠣᠨ ᠳᠤ ᠬᠠᠷᠢᠨ ᠳᠣᠷᠠᠳᠠᠢ | ᠵᠦᠢᠯ ᠢᠶᠠᠨ ᠣᠯᠵᠤ ᠠᠪᠤᠭᠠᠳ᠂ ᠪᠠᠷᠢᠮᠳᠠᠯᠠᠵᠦ ᠶᠠᠪᠤᠬᠤ ᠨᠢ ᠴᠢᠬᠤᠯᠠ᠃ | ⒉ ᠨᠠᠷᠢᠨ ᠨᠢᠮᠪᠠᠢ ᠬᠠᠷᠠᠯᠲᠠ ᠲᠠᠢ ᠪᠠᠶᠢᠬᠤ᠃ ᠡᠷᠲᠡ ᠤᠨᠲᠠᠵᠤ ᠡᠷᠲᠡ ᠪᠤᠰᠬᠤ ᠪᠠᠷ ᠵᠤᠷᠢᠭ ᠰᠢᠭᠤᠳᠣᠬᠰᠠᠨ | ᠪᠠᠶᠢᠳᠠᠯ᠎ᠠ ᠪᠠᠨ ᠤᠲᠠᠰᠤ ᠪᠠᠨ ᠪᠠᠷᠢᠬᠰᠠᠭᠠᠷ ᠪᠠᠶᠢᠭᠠᠳ ᠰᠦᠨᠢ ᠶᠢᠨ ᠬᠤᠶᠠᠷ ᠴᠠᠭ ᠪᠤᠯᠭᠠᠴᠢᠬᠠᠨ᠎ᠠ︔ ᠬᠡᠳᠦᠨ ᠨᠣᠮ | ᠤᠩᠰᠢᠬᠤ ᠰᠠᠨᠠᠭᠠᠳᠠᠢ ᠪᠠᠶᠢᠬᠰᠠᠨ ᠴᠦ ᠺᠢᠨᠤ᠋ ᠵᠦᠴᠦᠭᠡ ᠬᠦᠭᠡᠭᠡᠭᠡᠳ ᠶᠠᠪᠤᠴᠢᠬᠠᠨ᠎ᠠ ᠁ ᠳᠡᠭᠦᠨ ᠤ ᠤᠴᠢᠷ ᠨᠢ | ᠲᠠ ᠠᠮᠢᠳᠣᠷᠠᠯ ᠳᠠᠭᠠᠨ ᠪᠤᠳᠠᠳᠠᠢ ᠪᠠᠷ ᠨᠠᠷᠢᠨ ᠬᠠᠷᠠᠯᠲᠠ ᠳᠣᠭᠳᠠᠭᠠᠭᠠ ᠦᠭᠡᠢ ᠳᠤ ᠪᠠᠶᠢᠨ᠎ᠠ᠃ ᠶᠡᠭᠡ ᠶᠢ ᠬᠢᠬᠦ ᠳᠤ | ᠴᠦ ᠠᠳᠠᠯᠢᠬᠠᠨ ᠪᠠᠭ᠎ᠠ ᠪᠠᠭ᠎ᠠ ᠬᠠᠷᠠᠯᠲᠠ ᠪᠠᠨ ᠨᠠᠷᠢᠨ ᠪᠣᠳᠠᠲᠠᠢ ᠳᠤᠭᠳᠠᠭᠠᠨ ᠭᠡᠷᠡᠭᠵᠢᠬᠦᠯᠵᠦ ᠴᠢᠳᠠᠪᠠᠯ᠂ ᠶᠠᠪᠤᠭᠠᠨ | ᠳᠠᠭᠠᠨ ᠳᠦᠷᠢᠮᠵᠢᠬᠦ ᠪᠤᠯᠤᠨ᠎ᠠ᠃ | ⒊ᠪᠣᠯᠣᠮᠵᠢ ᠦᠭᠡᠢ ᠬᠠᠷᠠᠯᠲᠠ ᠠᠴᠠ ᠲᠠᠲᠠᠭᠠᠯᠵᠠᠬᠤ᠃ ᠠᠮᠢᠳᠤᠷᠠᠯ ᠳᠤᠮᠳᠠ᠂ ᠣᠯᠠᠨ ᠬᠦᠮᠦᠰ ᠤᠴᠢᠷ | ᠶᠠᠪᠤᠳᠠᠯ ᠳᠤ ᠪᠠᠷᠰ ᠤᠨ ᠳᠣᠯᠣᠭᠠᠢ ᠪᠠᠷ ᠡᠬᠢᠯᠡᠬᠡᠳ᠂ ᠮᠤᠭᠠᠢ ᠶᠢᠨ ᠰᠡᠬᠦᠯ ᠢᠶᠠᠷ ᠳᠠᠭᠤᠰᠬᠠᠳᠠᠭ᠃ ᠡᠨᠡ ᠨᠢ | ᠪᠡᠶ᠎ᠡ ᠳᠡᠭᠡᠨ ᠬᠡᠳᠦᠷᠭᠡᠢ ᠦᠨᠳᠦᠷ ᠪᠠᠷᠢᠮᠵᠢᠶ᠎ᠠ ᠳᠠᠯᠪᠢᠬᠰᠠᠨ ᠠᠴᠠ ᠪᠣᠯᠤᠭᠰᠠᠨ ᠪᠠᠶᠢᠵᠤ ᠮᠡᠳᠡᠨ᠎ᠡ᠃ | ⒋ ᠲᠣᠭᠲᠠᠮᠠᠯ ᠬᠤᠭᠤᠴᠠᠭ᠎ᠠ ᠲᠠᠢ ᠳ᠋ᠦᠩᠨᠡᠯᠳᠡ ᠬᠢᠬᠦ᠃ ᠪᠠᠶᠢᠩᠭᠤ ᠳ᠋ᠦᠩᠨᠡᠯᠳᠡ ᠬᠢᠵᠦ᠂ ᠣᠯᠵᠦ | ᠠᠯᠳᠠᠬᠰᠠᠨ ᠢᠶᠠᠨ ᠳᠣᠩᠭᠠᠬᠤ ᠨᠢ ᠥᠪᠡᠷ ᠢ ᠪᠠᠨ ᠬᠦᠭᠵᠢᠬᠦᠯᠬᠦ ᠶᠢᠨ ᠴᠢᠬᠤᠯᠠ ᠳᠠᠯ᠎ᠠ ᠮᠦᠨ᠃ | ⒌ᠠᠮᠵᠢᠯᠳᠠ ᠳᠤ ᠬᠦᠷᠬᠦ ᠳᠤ ᠶᠠᠭᠠᠷᠠᠵᠤ ᠪᠣᠯᠬᠤ ᠦᠭᠡᠢ᠂ ᠬᠠᠷᠠᠭ᠎ᠠ ᠪᠠᠨ ᠬᠤᠯᠠ ᠲᠠᠯᠪᠢᠬᠤ ᠬᠡᠷᠡᠭᠲᠡᠢ᠃ | ᠵᠠᠷᠢᠮ ᠬᠥᠮᠥᠨ ᠣᠬᠤᠷᠬᠠᠨ ᠬᠤᠭᠤᠴᠠᠭᠠᠨ ᠳᠤ ᠮᠡᠳᠡᠭᠳᠡᠬᠦ᠋ᠢᠴᠡ ᠦᠷ᠎ᠡ ᠳ᠋ᠦᠩ ᠭᠠᠷᠭᠠᠬᠤ ᠶᠢ ᠪᠤᠳᠤᠳᠠᠭ᠂ ᠶᠡᠷᠦᠨᠢ | ᠶᠠᠭᠤ ᠬᠢᠭᠰᠡᠨ ᠴᠦ ᠬᠦᠯᠢᠴᠡᠩᠬᠦᠢ᠂ ᠳᠠᠭᠠᠭᠠᠴᠠᠳᠠᠢ ᠬᠠᠨᠳᠣᠵᠦ ᠰᠣᠷᠬᠤ ᠨᠢ ᠴᠢᠬᠤᠯᠠ ᠶᠤᠮ ᠡ᠃ |