ᠪᠦᠬᠦ ᠬᠤᠰᠢᠭᠤᠨ ᠤ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 1 ᠤ ᠡᠳᠦᠷ᠂ ᠮᠠᠨ ᠤ ᠬᠤᠰᠢᠭᠤ ᠦᠵᠦᠮᠦᠴᠢᠨ ᠠᠭᠤᠳᠠᠮ ᠲᠠᠯᠠᠪᠠᠶ ᠳᠤ ︽ᠨᠠᠮ ᠳᠠᠭᠠᠨ ᠲᠠᠯᠠᠷᠬᠠᠨ ᠨᠠᠮ ᠢᠶᠠᠨ ᠲᠠᠭᠠᠨ ᠡᠷᠡᠯᠭᠡᠭᠯᠡᠨ ᠣᠷᠣᠭᠰᠢᠯᠠᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ  ᠪᠠᠷ ᠪᠦᠲᠦᠭᠡᠨ ᠪᠠᠶᠢᠭᠤᠯᠬᠤ ᠳᠤ ᠳᠠᠭᠤᠷᠢᠶᠠᠯ ᠪᠤᠯᠵᠠᠭᠠᠶ᠎ᠠ︾ 2023 ᠣᠨ ᠤ  ᠳᠥᠴᠢᠳᠡᠬᠢ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ ᠠᠵᠢᠯᠯᠠᠭ᠎ᠠ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠠᠵᠢᠯᠯᠠᠭ᠎ᠠ ᠶᠢ ᠡᠷᠭᠢᠯᠡᠪᠡ᠃      ᠠᠵᠢᠯᠯᠠᠭ᠎ᠠ ᠨᠢ ᠮᠣᠷᠢᠨ ᠬᠤᠭᠤᠷ ᠤᠨ ᠠᠶᠠᠯᠭᠤ ︿︿ᠤᠩᠭᠤᠨ ᠰᠠᠷᠠᠯ﹀﹀  ᠳᠤᠮᠳᠠ ᠬᠥᠰᠢᠭᠡ ᠪᠠᠨ ᠰᠡᠬᠦᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ  ᠤᠨ ᠠᠰᠠᠭᠤᠯᠲᠠ ᠬᠠᠷᠢᠭᠤᠯᠲᠠ ᠶᠢᠨ ᠱᠠᠲᠤ ᠲᠣᠬᠢᠷᠠᠭᠤᠯᠵᠤ᠂ ᠪᠠᠰᠠ ᠮᠠᠨ ᠤ ᠬᠤᠰᠢᠭᠤᠨ ᠤ ᠤᠷᠠᠨ ᠪᠢᠴᠢᠯᠭᠡᠲᠡᠳ ᠤᠨ ᠨᠡᠶᠢᠭᠡᠮᠯᠢᠭ ᠪᠤᠯᠤᠨ ᠰᠢ ᠶᠢᠨᠵᠤᠤᠷ ᠤᠨ ᠨᠡᠷᠡᠳᠦ ᠤᠷᠠᠨ ᠪᠢᠴᠢᠯᠭᠡᠲᠡᠳ ᠤᠨ ᠠᠵᠢᠯᠯᠠᠬᠤ ᠲᠠᠰᠤᠭ ᠤᠨ ᠤᠷᠠᠨ ᠪᠢᠴᠢᠯᠭᠡᠲᠡᠳ ᠢ ᠤᠷᠢᠵᠤ ᠲᠤᠬᠠᠢ ᠶᠢᠨ ᠲᠠᠯᠠᠪᠠᠢ ᠳᠤ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠤᠷᠢᠶ᠎ᠠ ᠪᠢᠴᠢᠭᠦᠯᠬᠦ ᠶᠢᠨ ᠬᠠᠮᠲᠦ ᠲᠤᠬᠠᠢ ᠶᠢᠨ ᠲᠠᠯᠠᠪᠡᠢ ᠶᠢᠨ ᠣᠯᠠᠨ ᠲᠦᠮᠡᠨ ᠳᠤ ᠪᠡᠯᠡᠭᠯᠡᠪᠡ᠃      ᠣᠶᠢᠯᠠᠭᠠᠭᠰᠠᠨ ᠢᠶᠠᠷ᠂ ᠠᠵᠢᠯᠯᠠᠭᠠᠨ ᠤ ᠰᠠᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠰ ᠳᠠᠪᠬᠤᠷᠭ᠎ᠠ ᠬᠤᠪᠢᠶᠠᠨ ᠬᠦᠷᠢᠶ᠎ᠡ ᠬᠡᠪᠴᠢᠶ᠎ᠡ ᠬᠤᠪᠢᠶᠠᠨ ᠭᠤᠣᠯᠳᠠᠯᠭ᠎ᠠ ᠲᠠᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠶᠢ ᠪᠠᠬᠢᠵᠢᠭᠦᠯᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠨᠡᠨᠬᠦ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号