ᠮᠠᠨ ᠤ ᠬᠤᠰᠢᠭᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/15
      ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠣᠯᠠᠨ ᠤ ᠰᠦᠷᠳᠡᠭᠦᠯᠦᠯ ᠢ ᠡᠰᠡᠷᠭᠦᠴᠡᠵᠦ ᠰᠦᠷᠳᠡᠭᠦᠯᠦᠯ ᠠᠴᠠ ᠰᠡᠷᠭᠡᠶᠢᠯᠡᠬᠦ ᠤᠬᠠᠮᠰᠠᠷ ᠢ  ᠴᠢᠩᠭᠠᠳᠬᠠᠵᠤ᠂ ᠪᠦᠬᠦ ᠬᠤᠰᠢᠭᠤᠨ ᠤ ᠬᠠᠮᠲᠤᠷᠠᠯ ᠬᠦᠴᠦᠨ ᠢ ᠨᠢᠭᠲᠠᠷᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠲᠤᠰᠢᠶᠠᠭᠰᠠᠨ ︿︿ᠬᠤᠶᠠᠷ ᠶᠡᠭᠡ ᠶᠠᠪᠤᠳᠠᠯ﹀﹀ ᠢ ᠰᠠᠶᠢᠲᠤᠷ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠶᠢᠨ ᠲᠥᠯᠦᠭᠡ᠂ 9 ᠰᠠᠷ᠎ᠠ ᠶᠢᠨ 5 ᠤ ᠡᠳᠦᠷ᠂ ᠮᠠᠨ ᠤ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠦᠵᠦᠮᠦᠴᠢᠨ ᠲᠠᠯᠠᠪᠠᠢ ᠳᠤ ︿︿ᠠᠷᠠᠳ ᠲᠦᠮᠡᠨ ᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠢᠭᠤᠯᠵᠤ ᠤᠮᠠᠷᠠᠲᠤ ᠬᠢᠯᠢ ᠶᠢᠨ ᠰᠠᠶᠢᠨ ᠰᠠᠶᠢᠬᠠᠨ ᠠᠮᠤᠷ ᠲᠦᠪᠰᠢᠨ ᠢ ᠰᠠᠬᠢᠨ ᠬᠠᠮᠠᠭᠠᠯᠠᠶ᠎ᠠ﹀﹀ ᠭᠡᠰᠡᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠪᠦᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠬᠤᠰᠢᠭᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠺᠧ ᠰᠢᠶᠣᠤ ᠮᠢᠩ ᠪᠣᠯᠣᠨ ᠪᠥᠬᠦ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ  ᠃      ᠺᠧ ᠰᠢᠶᠣᠤ ᠮᠢᠩ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠶ᠂ ᠲᠡᠷᠡ᠄ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠤᠯᠤᠰ ᠤᠨ ᠠᠮᠤᠷ ᠲᠦᠪᠰᠢᠨ᠂ ᠥᠭᠡᠷᠡᠴᠢᠯᠡᠯᠲᠡ ᠬᠥᠭᠵᠢᠯᠲᠡ ᠪᠠ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠢᠭᠡ ᠤᠷᠲᠤ ᠬᠤᠭᠤᠴᠠᠭᠠᠨ ᠤ ᠪᠤᠳᠤᠯᠢᠶᠠᠨᠲᠠᠶ ᠬᠠᠲᠠᠭᠤᠵᠢᠯᠲᠠᠶ ᠠᠵᠢᠯ᠂ ᠡᠯ᠎ᠡ ᠪᠦᠷᠢᠯᠳᠦᠬᠦᠨ ᠨᠢᠭᠡᠴᠡ ᠣᠳᠣᠬᠠᠨ ᠤ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ᠰᠢᠨ᠎ᠡ ᠣᠨᠴᠠᠯᠢᠭ ᠢ ᠭᠦᠢᠴᠡᠳ ᠲᠠᠨᠢᠵᠤ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠣᠳᠣᠬᠠᠨ ᠤ ᠡᠯ᠎ᠡ ᠵᠦᠶᠯ ᠤᠨ ᠰᠦᠷᠳᠡᠭᠦᠯᠦᠯ ᠢ ᠡᠰᠡᠷᠭᠦᠴᠡᠬᠦ ᠠᠵᠢᠯ ᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︿︿ᠵᠢᠱᠢᠶᠡᠴᠢ ᠥᠪᠡᠷᠲᠡᠭᠡᠨ ᠵᠠᠰᠠᠬᠤ ᠣᠷᠣᠨ﹀﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠳᠡᠭᠡᠷ᠎ᠡ ᠲᠦᠪᠯᠡᠷᠡᠭᠦᠯᠵᠦ᠂ ᠡᠬᠡ ᠤᠯᠤᠰ ᠤᠨ ︿︿ᠤᠮᠠᠷᠠᠲᠦ ᠶᠢᠨ ᠶᠡᠭᠡ ᠡᠭᠦᠳᠡ﹀﹀ ᠶᠢ ᠡᠷᠡᠰ ᠰᠠᠶᠢᠲᠤᠷ ᠰᠠᠬᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠵᠢᠯ ᠳᠤ ᠪᠥᠬᠦ ᠬᠤᠰᠢᠭᠤᠨ ᠤ ᠤᠯᠤᠰ ᠲᠥᠷᠥ  ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠡᠢ  ᠃      ᠠᠵᠢᠯᠯᠠᠭ᠎ᠠ ᠳᠤ᠂ ᠶᠡᠷᠦᠩᠬᠡᠶ ᠵᠢᠯᠣᠭᠤᠳᠣᠭᠴᠢ ᠬᠢᠩᠭᠠᠨ ᠱᠦᠵᠢ ᠶᠢᠨ ᠵᠠᠷᠯᠢᠭ ᠤᠨ ᠳᠠᠭᠠᠤ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠤᠯ ᠴᠠᠭᠳᠠᠭᠠᠨ ᠶᠡᠭᠡ ᠠᠩᠭᠢ ᠵᠢᠭᠰᠠᠵᠤ᠂ ᠪᠠᠶᠢᠯᠳᠤᠬᠤ ᠠᠷᠭ᠎ᠠ ᠶᠢᠨ ᠲᠣᠭᠯᠠᠯᠲᠠ ᠭᠠᠷᠭᠠᠵᠤ᠂ ᠳᠠᠷᠤᠶ ᠲᠦᠷᠭᠡᠨ ᠬᠥᠳᠡᠯᠦᠯᠴᠡᠵᠦ᠂ ᠨᠢᠭᠲᠠ ᠬᠠᠮᠵᠢᠯᠴᠠᠨ᠂ ᠪᠣᠳᠠᠲᠤ ᠪᠠᠶᠢᠯᠳᠤᠭᠠᠨ ᠲᠠᠢ ᠨᠢᠭᠲᠠ ᠣᠶᠢᠷᠠᠲᠤᠵᠤ᠂ ᠪᠣᠯᠪᠠᠰᠤᠷᠠᠯ ᠢᠶᠠᠷ ᠪᠠᠶᠢᠯᠳᠤᠭᠠᠨ ᠪᠣᠯᠭᠠᠵᠤ᠂ ᠡᠭᠦᠷᠭᠡ ᠪᠠᠨ ᠤᠷᠤᠭᠰᠢᠲᠠᠶ ᠪᠡᠶᠡᠯᠡᠭᠦᠯᠪᠡ᠃ ᠠᠵᠢᠯᠯᠠᠭ᠎ᠠ ᠳᠤ ᠣᠷᠣᠯᠴᠠᠭᠰᠠᠳ ᠪᠠᠰᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠤᠯ ᠴᠠᠭᠳᠠᠭᠠᠨ ᠶᠡᠭᠡ ᠠᠩᠭᠢ ᠶᠢᠨ ᠫᠤᠤ ᠵᠡᠪᠰᠡᠭ᠂ ᠴᠠᠭᠳᠠᠭᠠᠨ ᠤ ᠵᠡᠪᠰᠡᠭ ᠲᠣᠨᠣᠭᠯᠠᠯ᠂ ᠴᠠᠭᠳᠠᠭᠠᠨ ᠵᠢᠯᠣᠭᠤᠴᠢ ᠦᠭᠡᠢ ᠨᠢᠰᠬᠡᠯ᠂ ᠳᠡᠯᠪᠡᠷᠡᠬᠦ ᠶᠢ ᠰᠡᠷᠭᠡᠶᠢᠯᠡᠬᠦ ᠬᠤᠪᠴᠠᠰᠤ ᠵᠡᠷᠭᠡ ᠴᠠᠭᠳᠠᠭᠠᠨ ᠤ ᠰᠦᠷᠳᠡᠭᠦᠯᠦᠯ ᠢ ᠡᠰᠡᠷᠭᠦᠴᠡᠬᠦ ᠲᠣᠨᠣᠭᠯᠠᠯ ‍ᠤᠨ‌ᠦᠵᠡᠭᠦᠯᠦᠯᠭᠡ ᠶᠢ ᠰᠣᠨᠢᠷᠬᠠᠨ᠂ ᠣᠨᠴᠠ ᠲᠥᠷᠥᠯ ᠤᠨ ᠴᠠᠭᠳᠠᠭ᠎ᠠ ᠠᠴᠠ ᠣᠯᠠᠨ ᠲᠦᠮᠡᠨ ᠳᠤ ᠡᠯ᠎ᠡ ᠲᠥᠷᠥᠯ ᠤᠨ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠲᠣᠨᠤᠭ ᠲᠥᠬᠦᠭᠡᠷᠦᠮᠵᠢ ᠶᠢᠨ ᠴᠢᠳᠠᠮᠵᠢ ᠪᠠ ᠦᠶᠯᠡᠳᠦᠯ ᠢ ᠨᠠᠷᠢᠨ ᠲᠠᠶᠢᠯᠪᠦᠷᠢᠯᠠᠵᠤ᠂ ︿︿ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ﹀﹀ ᠪᠠ ᠠᠷᠠᠳ ᠢᠷᠭᠡᠨ ᠤ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠪᠠ᠃ ᠡᠭᠦᠨ ᠤ ᠬᠠᠮᠲᠦ ᠣᠯᠠᠨ ᠲᠦᠮᠡᠨ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ  ᠬᠦᠴᠦᠷᠬᠡᠭᠯᠡᠯ ᠰᠦᠷᠳᠡᠭᠦᠯᠦᠯ  ᠤᠨ ᠠᠵᠢᠯᠯᠠᠭ᠎ᠠ ᠶᠢ ᠬᠡᠷᠬᠢᠨ ᠢᠯᠭᠠᠨ ᠲᠠᠨᠢᠬᠤ ᠶᠢ ᠰᠠᠨᠠᠭᠤᠯᠵᠤ᠂ ᠰᠦᠷᠳᠡᠭᠦᠯᠬᠦ ᠦᠵᠡᠯ ᠤᠨ ᠠᠵᠢᠯᠯᠠᠭ᠎ᠠ ᠳᠤ ᠵᠥᠪ  ᠢᠶᠠᠷ ᠬᠠᠨᠳᠤᠬᠤ ᠶᠢ ᠰᠤᠷᠭᠠᠨ ᠬᠥᠮᠦᠵᠢᠭᠦᠯᠵᠦ᠂ ᠰᠦᠷᠳᠡᠭᠦᠯᠦᠯ ᠳᠤ ᠬᠤᠯᠪᠣᠭᠳᠠᠭᠰᠠᠨ ᠬᠡᠷᠡᠭ ᠢ ᠣᠯᠵᠤ ᠮᠡᠳᠡᠪᠡᠯ ᠲᠡᠷᠡ ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠬᠦ ᠰᠠᠨᠠᠭᠤᠯᠵᠠᠢ  ᠃      ᠠᠵᠢᠯᠯᠠᠭ᠎ᠠ ᠳᠤ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ ᠵᠡᠷᠭᠡ ᠪᠦᠷᠢᠯᠳᠦᠬᠦᠨ ᠨᠢᠭᠡᠴᠢ ᠶᠢᠨ ᠬᠢᠨ ᠥᠷᠭᠡᠨ ᠢᠶᠠᠷ ᠣᠷᠤᠯᠴᠠᠨ᠂ ᠤᠬᠠᠭᠤᠯᠭ᠎ᠠ ᠶᠢᠨ ᠤᠷᠢᠶ᠎ᠠ ᠡᠯᠭᠦᠨ᠂ ᠦᠵᠡᠭᠦᠯᠭᠡ ᠶᠢᠨ ᠰᠠᠮᠪᠠᠷ᠎ᠠ ᠳᠣᠬᠢᠷᠠᠭᠤᠯᠵᠤ᠂ ᠲᠤᠬᠠᠢ ᠶᠢᠨ ᠲᠠᠯᠠᠪᠠᠢ ᠳᠤ ᠲᠠᠶᠢᠯᠪᠦᠷᠢ ᠬᠢᠨ᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠶᠯ ᠤᠨ ᠬᠡᠯᠪᠡᠷᠢ ᠪᠠᠷ ᠰᠦᠷᠳᠡᠭᠦᠯᠦᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠮᠡᠬᠡᠯᠡᠯ ᠢ ᠡᠰᠡᠷᠭᠦᠴᠡᠬᠦ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠡᠯ᠎ᠡ ᠲᠥᠷᠥᠯ ᠤᠨ ᠤᠬᠠᠭᠤᠯᠭ᠎ᠠ ᠥᠷᠨᠢᠭᠦᠯᠵᠦ᠂ ᠣᠯᠠᠨ ᠲᠦᠮᠡᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠤᠬᠠᠭᠤᠯᠭ᠎ᠠ ᠶᠢᠨ ᠠᠵᠢᠯᠯᠠᠭ᠎ᠠ ᠵᠢᠱᠢᠭᠰᠡᠨ‌ᠦᠷ᠎ᠡ ᠪᠦᠲᠦᠮᠵᠢ ᠳᠡᠭᠡᠨ ᠬᠦᠷᠴᠦ ᠴᠢᠳᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号