ᠮᠠᠨᠳᠤᠬᠤᠪᠤᠯᠠᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 2023 ᠣᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 6 ᠤ ᠡᠳᠦᠷ᠂ ᠮᠠᠨᠳᠤᠬᠤᠪᠤᠯᠠᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 2023 ᠣᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠬᠤᠷᠠᠯ ᠳᠤ ᠣᠷᠣᠯᠴᠠᠪᠠ᠃      ᠬᠤᠷᠠᠯ ᠳᠤ᠂ ᠲᠦᠷᠪᠡᠳᠦᠭᠡᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠬᠤᠷᠠᠯ ᠳᠡᠭᠡᠷ᠎ᠡ ᠲᠦᠯᠦᠭᠡᠯᠡᠭᠴᠢᠳ ᠤᠨ ᠳᠤᠷᠠᠳᠤᠭᠰᠠᠨ 12 ᠲᠦᠷᠦᠯ ᠤᠨ 23 ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠪᠠ ᠠᠪᠴᠤ ᠪᠠᠶᠢᠭ᠎ᠠ ᠠᠷᠭ᠎ᠠ ᠬᠡᠮᠵᠢᠶ᠎ᠡ ᠶᠢ ᠰᠣᠨᠤᠰᠪᠠ᠃ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠦᠷᠦᠯ ᠵᠦᠢᠯ ᠤᠨ ᠶᠠᠪᠤᠭᠳᠠᠵᠤ ᠪᠠᠶᠢᠭ᠎ᠠ ᠪᠠᠶᠢᠳᠠᠯ ᠢ ᠰᠣᠨᠤᠰᠴᠤ᠂ ᠵᠢᠯ ᠤᠨ ᠡᠴᠤᠰ ᠪᠣᠯᠲᠠᠯ᠎ᠠ ᠱᠠᠯᠠᠪᠲᠠᠨ ᠭᠦᠢᠴᠡᠳᠬᠡᠬᠦ ᠠᠷᠭ᠎ᠠ ᠬᠡᠮᠵᠢᠶ᠎ᠡ ᠠᠪᠬᠤ ᠶᠢ ᠱᠠᠭᠠᠷᠳᠠᠪᠠ᠃      ᠬᠤᠷᠠᠯ ᠤᠨ ᠳᠠᠷᠠᠭ᠎ᠠ᠂ ᠲᠡᠷᠢᠭᠦᠯᠡᠭᠴᠢᠳ ᠤᠨ ᠪᠦᠯᠬᠦᠮ ᠤᠨ ᠨᠦᠬᠦᠳ ᠪᠣᠯᠣᠨ ᠭᠡᠰᠡᠭ ᠲᠦᠯᠦᠭᠡᠯᠡᠭᠴᠢ ᠨᠠᠷ ᠮᠠᠨᠳᠤᠬᠤᠪᠤᠯᠠᠭ ᠪᠠᠯᠭᠠᠰᠤᠨ ᠤ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠡᠭᠡᠪᠡ᠃      ᠬᠤᠷᠠᠯ ᠠᠴᠠ᠂ ᠬᠤᠶᠢᠰᠢᠳᠠ ᠶᠢᠨ ᠬᠤᠭᠤᠴᠠᠭᠠᠨ ᠳᠤ ᠲᠡᠷᠢᠭᠦᠯᠡᠭᠴᠢᠳ ᠤᠨ ᠪᠦᠯᠬᠦᠮ ᠨᠢ ᠲᠦᠯᠦᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠲᠣᠭᠤᠷᠢᠨ ᠳᠤ ᠪᠠᠶᠢᠴᠠᠭᠠᠨ ᠰᠣᠳᠤᠯᠤᠯᠲᠠ ᠬᠢᠬᠦ ᠪᠠ ᠲᠦᠯᠦᠭᠡᠯᠡᠭᠴᠢ ᠨᠠᠷ ᠡᠭᠦᠷᠭᠡ ᠲᠤᠰᠢᠶᠠᠯ ᠳᠤ ᠪᠠᠨ ᠣᠰᠤᠯᠳᠠᠬᠤ ᠦᠭᠡᠢ ᠪᠠᠷ ᠡᠯ᠎ᠡ ᠲᠦᠷᠦᠯ ᠤᠨ ᠬᠤᠷᠠᠯ ᠰᠤᠷᠤᠯᠴᠠᠯᠭ᠎ᠠ ᠪᠠ ᠠᠵᠢᠯᠯᠠᠭ᠎ᠠ ᠳᠤ ᠣᠷᠣᠯᠴᠠᠬᠤ ᠶᠢ ᠪᠠᠲᠤᠯᠠᠵᠤ ᠲᠣᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠨᠡᠩ ᠢᠯᠡᠭᠦᠦ ᠳᠡᠭᠡᠭᠰᠢᠯᠡᠭᠦᠯᠬᠦ ᠶᠢ ᠱᠠᠭᠠᠷᠳᠠᠪᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号