ᠮᠠᠨᠳᠤᠬᠤᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡ ᠮᠣᠭᠠᠶ ᠵᠢᠷᠠᠰᠤ ᠶᠢ ᠬᠠᠤᠯᠢ ᠪᠤᠰᠤ ᠪᠠᠷ ᠠᠩᠨᠠᠭᠰᠠᠨ ᠬᠡᠷᠡᠭ ᠢ ᠪᠠᠷᠢᠪᠠ
ᠨᠡᠶᠢᠲᠡᠯᠡᠭᠰᠡᠨ ᠴᠠᠭ᠄
2023/9/15
      2023 ᠣᠨ ᠤ 9 ᠰᠠᠷ᠎ᠠ ᠶᠢᠨ 8 ᠤ ᠡᠳᠦᠷ ᠤᠨ ᠦᠷ ᠶᠢᠨ 2 ᠴᠠᠭ 40 ᠮᠢᠨᠦ᠋ᠲ ᠲᠤ ᠮᠠᠨᠳᠤᠬᠤᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠶᠠᠨᠪᠦ᠋ᠷᠢᠳᠦ ᠭᠠᠴᠠᠭ᠎ᠠ ᠪᠠᠷ ᠴᠠᠭᠳᠠᠨ ᠪᠠᠶᠢᠴᠠᠭᠠᠬᠤ ᠳᠠᠭᠠᠨ ᠵᠢᠭᠠᠰᠤ ᠠᠩᠨᠠᠬᠤ ᠰᠢᠩᠭᠡᠯᠢᠭ ᠢ ᠬᠠᠤᠯᠢ ᠪᠤᠰᠤ ᠪᠠᠷ ᠲᠠᠯᠪᠢᠵᠤ ᠮᠣᠭᠠᠶ ᠵᠢᠷᠠᠰᠤ ᠱᠦᠭᠦᠭᠰᠡᠨ ᠦᠶᠯᠡ ᠠᠵᠢᠯᠯᠠᠭ᠎ᠠ ᠶᠢ ᠣᠯᠵᠤ ᠮᠡᠳᠡᠵᠡᠶ᠂ ᠮᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠣᠰ ᠦᠶᠯᠡ ᠠᠵᠢᠯᠯᠠᠭ᠎ᠠ ᠶᠢ ᠲᠡᠷᠡ ᠳᠠᠷᠤᠶ ᠳᠤᠨᠢ ᠵᠠᠷᠯᠢᠭᠳᠠᠨ ᠵᠣᠭᠰᠣᠭᠠᠬᠤ ᠶᠢᠨ ᠬᠠᠮᠲᠤ ᠵᠢᠭᠠᠰᠤ ᠠᠩᠨᠠᠬᠤ ᠰᠢᠩᠭᠡᠯᠢᠭ ᠢ 3 ᠢᠵᠢ᠂ 2080 ᠵᠢᠩ ᠮᠣᠭᠠᠶ ᠵᠢᠷᠠᠰᠤ᠂ ᠵᠢᠭᠠᠰᠤ ᠠᠩᠨᠠᠬᠤ ᠲᠡᠷᠭᠡ ᠨᠢᠭᠡ ᠶᠢ ᠣᠯᠵᠠᠯᠠᠪᠠ᠃ ᠤᠳᠤ ᠨᠢᠭᠡᠨᠲᠡ ᠲᠤᠰ ᠬᠡᠷᠡᠭ ᠢ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ  ᠃      ᠠᠮᠢ ᠠᠬᠤᠢ ᠶᠢᠨ ᠣᠷᠴᠢᠨ ᠨᠥᠬᠦᠴᠡᠯ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ  ᠶᠢᠨ ᠰᠠᠭᠤᠷᠢ ᠮᠥᠨ᠂ ᠪᠠᠶᠢᠭᠠᠯᠢ ᠶᠢᠨ ᠤᠰᠤᠨ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠠᠮᠢ ᠠᠬᠤᠢ ᠶᠢᠨ ᠡᠬᠢ ᠪᠠᠶᠠᠯᠢᠭ ᠤᠨ ᠦᠷᠭᠦᠯᠵᠢᠯᠡᠬᠦ ᠬᠥᠭᠵᠢᠯᠲᠡ ᠶᠢ ᠬᠠᠮᠠᠭᠠᠯᠠᠬᠤ ᠪᠣᠯ ᠠᠷᠠᠳ ᠢᠷᠭᠡᠨ ᠤ ᠵᠢᠷᠤᠮᠯᠠᠬᠤ ᠶᠣᠰᠣᠲᠠᠢ ᠡᠭᠦᠷᠭᠡ ᠮᠥᠨ᠃ ᠠᠳᠡ ᠥᠷᠭᠡᠨ ᠤᠯᠠᠨ ᠠᠷᠠᠳ ᠲᠦᠮᠡᠨ ᠳᠤ ᠰᠠᠨᠠᠭᠤᠯᠬᠤ ᠨᠢ᠂ ᠲᠦᠷ ᠴᠠᠭ ᠤᠨ ᠠᠰᠢᠭ ᠲᠤᠰᠠ ᠶᠢᠨ ᠲᠥᠯᠥᠭᠡ ᠠᠮᠢ ᠠᠬᠤᠢ ᠶᠢᠨ ᠣᠷᠴᠢᠨ ᠨᠥᠬᠦᠴᠡᠯ ᠢ ᠡᠪᠳᠡᠵᠦ ᠪᠣᠯᠬᠤ ᠦᠭᠡᠢ᠂ ᠶᠠᠮᠠᠷᠪᠠ ᠬᠠᠤᠯᠢ ᠪᠤᠰᠤ ᠦᠢᠯᠡ ᠠᠵᠢᠯᠯᠠᠭ᠎ᠠ ᠶᠢ ᠡᠴᠦᠰ ᠲᠡᠭᠡᠨ ᠴᠥᠮ ᠬᠠᠤᠯᠢ ᠴᠠᠭᠠᠵᠠ ᠪᠠᠷ ᠴᠢᠩᠭ᠎ᠠ ᠰᠢᠢᠳᠬᠡᠨ᠎ᠡ  ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号