ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 5 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ‌‍ᠦᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ  ᠱᠠᠭᠠᠷᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠬᠤᠯᠪᠣᠭᠳᠠᠯ ᠪᠥᠬᠦᠶ ᠳᠠᠭᠠᠭᠠᠨ ᠭᠦᠶᠴᠡᠳᠬᠡᠬᠦ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠱᠠᠭᠠᠷᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠠᠨᠠᠯ ᠰᠠᠨᠠᠭᠤᠯᠭ᠎ᠠ ᠳᠤᠷᠠᠳᠪᠠ  ᠃      ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠬᠢᠯᠢ ᠳᠠᠭᠠᠤ ᠮᠠᠯᠵᠢᠬᠤ ᠣᠷᠣᠨ ᠤ ᠲᠠᠷᠠᠬᠠᠶ ᠪᠤᠲᠠᠷᠬᠠᠶ ᠮᠠᠶ᠋ᠢᠭ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠲᠥᠷᠥᠯ ᠵᠦᠶᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠰᠢᠨ᠎ᠡ ᠡᠨᠧᠷᠭᠢ ᠶᠢ ᠴᠠᠬᠢᠯᠭᠠᠨ ᠲᠣᠤᠷ ᠪᠣᠯᠭᠠᠨ ᠬᠤᠪᠢᠷᠠᠭᠤᠯᠬᠤ ᠲᠥᠷᠥᠯ ᠵᠦᠶᠯ ᠵᠡᠷᠭᠡ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠶᠠᠷᠢᠯᠴᠠᠬᠤ ᠬᠤᠷᠠᠯ ᠳᠡᠭᠡᠷ᠎ᠡ ᠵᠢᠭᠠᠬᠤ ᠳᠠᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠪᠣᠯ ᠨᠢᠭᠡ ᠵᠦᠶᠯ ᠤᠨ ᠰᠢᠰᠲ᠋ᠧᠮᠲᠦ ᠢᠨᠵᠧᠨᠧᠷᠢᠩ ᠮᠥᠨ᠂ ᠣᠯᠠᠨ ᠲᠠᠯ᠎ᠠ ᠶᠢ ᠬᠠᠮᠤᠷᠴᠤ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠵᠤ ᠪᠠᠶᠢᠳᠠᠭ᠂ ᠣᠯᠠᠨ ᠢᠶᠠᠷ ᠢᠶᠠᠨ ᠡᠷᠬᠡᠪᠰᠢ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠬᠢᠭᠤᠯᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠦᠷᠦᠭᠦᠯᠡᠨ ᠶᠡᠷᠦᠩᠬᠡᠶᠢᠯᠡᠨ ᠠᠳᠬᠤᠬᠤ ᠦᠶᠯᠡᠳᠦᠯ ᠢᠶᠠᠨ ᠪᠠᠳᠠᠷᠠᠭᠤᠯᠵᠤ ᠂ ᠲᠣᠰ ᠲᠣᠰ ᠤᠨ ᠡᠭᠦᠷᠭᠡᠯᠡᠭᠰᠡᠨ ᠲᠥᠷᠥᠯ ᠵᠦᠶᠯ ᠤᠨ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠶᠯᠡᠴᠢᠯᠡᠭᠡ ᠶᠢ ᠰᠠᠶᠢᠲᠤᠷ ᠠᠳᠬᠤᠵᠤ᠂ ᠬᠠᠮᠢᠶ᠎ᠠ ᠪᠥᠬᠦᠶ ᠡᠭᠦᠷᠭᠡ ᠴᠢᠳᠠᠪᠬᠢᠲᠦ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠡᠯ᠎ᠡ ᠵᠦᠶᠯ ᠤᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ᠂ ᠠᠬᠢᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠵᠢᠯ ᠤᠨ ᠡᠴᠦᠰ ᠪᠣᠯᠲᠠᠯ᠎ᠠ ᠵᠥᠪᠬᠡᠨ 3 ᠰᠠᠷ᠎ᠠ ᠶᠢᠨ ᠬᠤᠭᠤᠴᠠᠭ᠎ᠠ ᠦᠯᠡᠳᠡᠵᠦ ᠪᠠᠶᠢᠨ᠎ᠠ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠮᠠᠰᠢ ᠴᠢᠩᠭ᠎ᠠ ᠬᠠᠷᠢᠭᠤᠴᠠᠯᠭᠠᠲᠤ ᠰᠡᠳᠬᠢᠯᠭᠡ  ᠪᠠᠷ ᠬᠢᠬᠦ ᠶᠣᠰᠣᠲᠠᠶ ᠠᠵᠢᠯ ᠢᠶᠠᠨ ᠰᠠᠶᠢᠲᠤᠷ ᠬᠢᠵᠦ᠂ ᠲᠣᠭᠲᠠᠭᠰᠠᠨ ᠢᠨᠵᠧᠨᠧᠷᠢᠩ ᠢ ᠠᠬᠢᠭᠤᠯᠵᠤ᠂ ︿︿ᠴᠠᠭ ᠬᠤᠭᠤᠴᠠᠭ᠎ᠠ ᠬᠤᠪᠢᠷᠬᠠᠤ ᠥᠬᠡᠶ᠂ ᠡᠭᠦᠷᠭᠡ ᠬᠤᠪᠢᠷᠬᠠᠤ ᠥᠬᠡᠶ᠂ ᠬᠠᠷᠢᠭᠤᠴᠠᠯᠭ᠎ᠠ ᠬᠤᠪᠢᠷᠬᠠᠤ ᠥᠬᠡᠶ﹀﹀ ᠪᠠᠶᠢᠬᠤ  ᠶᠢ ᠪᠡᠶᠡᠯᠡᠭᠦᠯᠵᠦ᠂ ᠦᠨᠡᠨ ᠪᠣᠳᠠᠲᠠᠶ ᠠᠵᠢᠯ ᠢᠶᠠᠷ ᠢᠶᠠᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃ ᠬᠠᠷᠠᠯᠲᠠ ᠡᠭᠦᠷᠭᠡ ᠲᠠᠢ ᠬᠠᠷᠭᠤᠭᠤᠯᠵᠤ᠂ ᠲᠥᠷᠥᠯ ᠵᠦᠶᠯ  ᠤᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠨᠠᠷᠢᠨ ᠨᠢᠭᠲᠠ ᠪᠣᠳᠣᠯᠬᠢᠯᠠᠵᠤ᠂ ᠨᠠᠷᠢᠨ ᠨᠢᠮᠪᠠᠶ  ᠳᠣᠬᠢᠷᠠᠭᠤᠯᠤᠨ᠂ ᠣᠳᠣᠬᠠᠨ ᠤ ᠪᠠᠷᠢᠯᠭ᠎ᠠ ᠶᠢᠨ ᠠᠵᠢᠯ ᠤᠨ ᠠᠰᠢᠭᠲᠠᠶ ᠤᠯᠠᠷᠢᠯ ᠢ ᠵᠠᠪᠳᠤᠨ᠂ ᠠᠵᠢᠯ ᠢᠶᠠᠨ ᠱᠠᠯᠠᠪᠳᠠᠭᠤᠯᠵᠤ᠂ ᠡᠭᠦᠷᠭᠡ ᠶᠢ ᠬᠠᠷᠢᠭᠤᠴᠠᠯᠭᠠᠲᠠᠨ ᠨᠢᠭᠡᠪᠦᠷᠢ ᠳᠤ ᠬᠤᠪᠢᠶᠠᠷᠢᠯᠠᠨ ᠳᠠᠭᠠᠭᠠᠯᠭᠠᠵᠤ᠂ ᠴᠠᠭ ᠬᠤᠭᠤᠴᠠᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠭᠠᠷᠠᠭ ᠪᠦᠷᠢ ᠠᠬᠢᠴᠠ ᠲᠠᠢ᠂ ᠰᠠᠷ᠎ᠠ ᠪᠦᠷᠢ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号