ᠳᠤᠮᠳᠠᠳᠤ ᠶᠢᠨ ᠨᠢᠭᠦᠯᠡᠰᠦᠩᠭᠦᠶ ᠶᠢᠨ ᠡᠳᠦᠷ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/9/18
      9 ᠰᠠᠷ᠎ᠠ ᠶᠢᠨ5 ᠤ ᠡᠳᠦᠷ ᠪᠣᠯ᠂ ᠮᠠᠨ ᠤ ᠤᠯᠤᠰ ᠤᠨ ᠨᠠᠢᠮᠠᠳᠤᠭᠠᠷ ︿︿ᠳᠤᠮᠳᠠᠳᠤ ᠶᠢᠨ ᠨᠢᠭᠦᠯᠡᠰᠦᠩᠭᠦᠶ  ᠶᠢᠨ ᠡᠳᠦᠷ﹀﹀ ᠪᠣᠯᠤᠨ᠎ᠠ᠂ ᠨᠢᠭᠦᠯᠡᠰᠦᠩᠭᠦᠶ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠦᠯᠡᠰᠦᠩᠭᠦᠶ ᠶᠢᠨ ᠣᠶᠢᠯᠠᠭᠠᠭᠳᠠᠬᠤᠨ ᠢ ᠤᠯᠠᠮᠵᠢᠯᠠᠨ᠂ ᠨᠠᠩ ᠣᠯᠠᠨ ᠬᠥᠮᠦᠨ ᠤ ᠨᠢᠭᠦᠯᠡᠰᠦᠩᠭᠦᠶ ᠶᠢᠨ ᠦᠶᠯᠡᠰ ᠲᠤ ᠣᠷᠣᠯᠴᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ 9 ᠰᠠᠷ᠎ᠠ ᠶᠢᠨ 5 ᠤ ᠡᠳᠦᠷ ᠮᠠᠨ ᠤ ᠬᠤᠰᠢᠭᠤ ︿︿ᠨᠢᠭᠦᠯᠡᠰᠦᠩᠭᠦᠶ  ᠶᠢᠨ ᠦᠶᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ﹀﹀ ᠭᠡᠰᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪᠯᠡᠯ ᠤᠨ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠ ᠡ ᠢ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠨᠡᠶᠢᠭᠡᠮᠯᠢᠭ ᠪᠣᠯᠤᠨ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠬᠠᠮᠲᠤ ᠪᠠᠷ ᠵᠣᠬᠢᠶᠠᠨ ᠪᠠᠶᠢᠭᠤᠯᠵᠤ ᠥᠷᠨᠢᠭᠦᠯᠵᠡᠢ᠃      5 ᠤ ᠦᠳᠡ ᠶᠢᠨ ᠡᠮᠦᠨ᠎ᠡ᠂ ᠡᠯ᠎ᠡ ᠨᠢᠭᠡᠴᠡ ᠶᠢᠨ ᠬᠢᠨ ᠦᠵᠦᠮᠦᠴᠢᠨ ᠠᠭᠤᠳᠠᠮ ᠲᠠᠯᠠᠪᠠᠶ ᠳᠤ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ︿︿ᠳᠤᠮᠳᠠᠳᠤ ᠶᠢᠨ ᠨᠢᠭᠦᠯᠡᠰᠦᠩᠭᠦᠶ ᠶᠢᠨ ᠡᠳᠦᠷ﹀﹀ ᠪᠣᠯᠤᠨ ︿︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠶᠢᠨ ᠬᠠᠤᠯᠢ﹀﹀ ᠶᠢᠨ ᠲᠣᠭᠤᠷᠢᠨ ᠳᠤ᠂ ᠣᠯᠠᠨ ᠲᠦᠮᠡᠨ ᠳᠤ ᠨᠢᠭᠦᠯᠡᠰᠦᠩᠭᠦᠶ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠪᠡ᠃ ᠬᠤᠰᠢᠭᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠣᠯᠠᠨ ᠵᠢᠯ ᠤᠨ ᠲᠤᠷᠰᠢ ᠨᠢᠭᠦᠯᠡᠰᠦᠩᠭᠦᠢ  ᠶᠢᠨ ᠦᠢᠯᠡᠰ ᠤᠨ ᠬᠠᠨᠳᠢᠪ ᠴᠤᠭᠯᠠᠭᠤᠯᠬᠤ᠂ ᠭᠠᠮᠰᠢᠭ ᠠᠴᠠ ᠠᠪᠤᠷᠠᠬᠤ ᠪᠠ ᠨᠡᠶᠢᠲᠡ ᠶᠢᠨ ᠠᠰᠠᠷᠠᠮᠵᠢ ᠶᠢᠨ ᠦᠢᠯᠡᠰ  ᠲᠤ ᠣᠷᠣᠯᠴᠠᠬᠤ ᠵᠡᠷᠭᠡ ᠲᠠᠯ᠎ᠠ ᠶᠢᠨ ᠦᠷ᠎ᠡ ᠪᠦᠲᠦᠭᠡᠯ ᠢᠶᠠᠨ ᠬᠠᠷᠠᠭᠤᠯᠪᠠ᠃      5 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠮ ᠤᠨ ᠡᠭᠦᠷ ᠤᠨ 20 ᠭᠠᠷᠤᠶ ᠨᠠᠮ ᠤᠨ ᠭᠡᠰᠢᠭᠦᠨ ᠰᠠᠨᠠᠭᠠᠴᠢᠯᠠᠭ᠎ᠠ ᠶᠢᠨ ᠪᠢᠴᠢᠭ ᠤᠩᠰᠢᠨ ᠬᠠᠨᠳᠢᠪ ᠴᠤᠭᠯᠠᠭᠤᠯᠵᠤ᠂ ᠪᠥᠬᠦ ᠬᠤᠰᠢᠭᠤᠨ ᠤ ᠨᠢᠭᠦᠯᠡᠰᠦᠩᠭᠦᠶ ᠦᠶᠯᠡᠰ ᠲᠤ ᠬᠦᠴᠦᠨ ᠴᠢᠳᠠᠯ ᠢᠶᠠᠨ ᠡᠷᠭᠦᠪᠡ  ᠃      ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠪᠤᠶᠠᠨ ᠦᠶᠯᠡᠳᠴᠦ ᠥᠭᠯᠢᠭᠡ ᠥᠭᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠢᠭᠦᠯᠡᠰᠦᠩᠭᠦᠶ ᠶᠢᠨ ᠬᠠᠤᠯᠢ ᠶᠢ ᠭᠦᠨᠵᠡᠭᠡᠶ ᠤᠬᠠᠭᠤᠯᠵᠤ᠂ ︿︿ᠬᠥᠮᠦᠨ ᠪᠦᠬᠦᠨ ᠨᠢᠭᠦᠯᠡᠰᠦᠩᠭᠦᠶ ᠪᠠᠶᠢᠵᠤ᠂ ᠪᠥᠬᠦ ᠠᠷᠠᠳ ᠢᠶᠠᠷ ᠢᠶᠠᠨ ᠨᠡᠶᠢᠲᠡ ᠶᠢᠨ ᠠᠰᠠᠷᠠᠮᠵᠢ ᠳᠤ ᠣᠷᠤᠯᠴᠠᠬᠤ﹀﹀ ᠣᠶᠢᠯᠠᠭᠠᠭᠳᠠᠬᠤᠨ ᠢ ᠬᠥᠮᠦᠰ  ᠤᠨ ᠰᠡᠳᠬᠢᠯ ᠳᠤ ᠬᠠᠳᠠᠩᠰᠢᠭᠤᠯᠬᠤ ᠶᠢᠨ ᠬᠠᠮᠲᠤ ᠪᠥᠬᠦ ᠬᠤᠰᠢᠭᠤᠨ ᠤ ᠬᠡᠪᠴᠢᠶᠡᠨ ᠳᠤ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号