ᠪᠦᠬᠦ ᠬᠤᠰᠢᠭᠤᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠦ ᠬᠡᠷᠡᠭᠯᠡᠬᠦ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠬᠤᠶᠠᠳᠤᠭᠠᠷ ᠣᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 6 ᠤ ᠡᠳᠦᠷ᠂ ᠪᠦᠬᠦ ᠬᠤᠰᠢᠭᠤᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠬᠡᠷᠡᠭᠯᠡᠬᠦ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠬᠤᠶᠠᠳᠤᠭᠠᠷ ᠣᠳᠠᠭᠠᠨ ᠤ ᠪᠥᠬᠦᠳᠡ ᠬᠤᠷᠠᠯ  ᠬᠤᠷᠠᠯᠳᠣᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠡᠷᠭᠡ ᠭᠠᠵᠠᠷ ᠤᠨ ᠲᠠᠰ ᠠᠴᠠ ᠳᠡᠭᠡᠭᠰᠢᠬᠢ ᠳᠠᠭᠠᠭᠠᠴᠢᠯᠠᠨ ᠬᠤᠯᠪᠣᠭᠠᠯᠠᠬᠤ ᠭᠤᠤᠯᠳᠠᠯᠭ᠎ᠠ ᠲᠠᠢ ᠰᠤᠷᠭᠠᠭᠤᠯᠢ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠡᠪᠡ  ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿︿ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ﹀﹀ ᠢ ᠤᠯᠠᠮᠵᠢᠯᠠᠨ ᠰᠤᠷᠤᠯᠴᠠᠵᠤ᠂ ︿︿ᠭᠠᠵᠠᠷ ᠤᠨ ᠲᠠᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠰᠤᠷᠭᠠᠭᠤᠯᠢ ᠶᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠲᠣᠬᠢᠷᠠᠭᠤᠯᠬᠤ ᠲᠤᠬᠠᠶ ᠮᠡᠳᠡᠭᠳᠡᠯ﹀﹀ ᠢ ᠤᠩᠰᠢᠨ ᠨᠡᠶᠢᠲᠡᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠯᠬᠢᠨ ᠠᠬᠢᠭᠤᠯᠵᠤ ᠬᠡᠷᠡᠭᠯᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠦ ᠬᠡᠷᠡᠭᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠬᠤ ᠳᠠᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠯᠬᠢᠨ ᠠᠬᠢᠭᠤᠯᠵᠤ ᠬᠡᠷᠡᠭᠯᠡᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠪᠠᠰᠠ ᠴᠤ ︿︿ᠵᠢᠱᠢᠶᠡᠴᠢ ᠥᠪᠡᠷᠲᠡᠭᠡᠨ ᠵᠠᠰᠠᠬᠤ ᠣᠷᠣᠨ﹀﹀ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠣᠳᠠᠲᠠᠢ ᠦᠢᠯᠡᠳᠦᠯᠭᠡ ᠮᠥᠨ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠭᠤᠭᠴᠤᠭ᠎ᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠦᠯᠬᠢᠨ ᠠᠬᠢᠭᠤᠯᠵᠤ ᠬᠡᠷᠡᠭᠯᠡᠬᠦ ᠠᠵᠢᠯ ᠤᠨ ᠡᠮᠬᠢ ᠵᠢᠷᠤᠮ ᠲᠠᠢ ᠥᠷᠨᠢᠵᠦ᠂ ᠥᠨᠳᠥᠷ ᠪᠦᠲᠦᠮᠵᠢᠲᠡᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠳᠤᠭᠤᠶᠢᠯᠠᠩ  ᠤᠳ ᠬᠠᠷᠢᠭᠤᠴᠠᠯᠭ᠎ᠠ ᠪᠠᠨ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ  ᠪᠠᠨ ᠤᠶᠠᠯᠳᠤᠭᠤᠯᠤᠨ᠂ ︿︿ᠨᠢᠭᠡ ᠰᠤᠷᠭᠠᠭᠤᠯᠢ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ﹀﹀ ᠵᠡᠷᠭᠡ ᠠᠷᠭ᠎ᠠ ᠬᠡᠮᠵᠢᠶ᠎ᠡ ᠠᠪᠴᠤ᠂ ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠬᠦ ᠬᠡᠷᠡᠭᠲᠠᠢ ᠭᠡᠵᠡᠢ᠃      ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号