ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ | ᠬᠤᠴᠠ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠦᠵᠦᠮᠦᠴᠢᠨ ᠬᠤᠨᠢ ᠶᠢ ᠰᠣᠩᠭᠤᠨ | ᠪᠤᠶᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠭᠠᠬᠢᠯ ᠰᠤᠮᠤ ᠠᠵᠢᠯᠲᠠᠳ ᠢᠶᠠᠨ ᠵᠣᠬᠢᠶᠠᠨ | ᠪᠠᠶᠢᠭᠤᠯᠤᠨ 6 ᠭᠠᠴᠠᠭ᠎ᠠ ᠳᠤ ᠭᠦᠨᠵᠡᠭᠡᠶᠢᠷᠡᠭᠦᠯᠦᠨ ᠦᠵᠦᠮᠦᠴᠢᠨ ᠬᠤᠴᠠ ᠶᠢ ᠬᠢᠨᠠᠨ ᠲᠣᠭᠲᠠᠭᠠᠬᠤ ᠠᠵᠢᠯ ᠢ | ᠦᠷᠭᠦᠯᠵᠢᠯᠡᠨ ᠥᠷᠨᠢᠬᠦᠯᠵᠤ ᠪᠠᠶᠢᠨ᠎ᠠ᠃ | ᠭᠠᠬᠢᠯ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠴᠠ ᠶᠢ ᠬᠢᠨᠠᠨ ᠲᠣᠭᠲᠠᠭᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠴᠠ ᠶᠢ ᠬᠢᠨᠠᠨ ᠲᠣᠭᠲᠠᠭᠠᠬᠤ ᠠᠵᠢᠯ ᠢ ᠭᠤᠤᠯᠳᠠᠯᠭᠠᠲᠦ | ᠠᠵᠢᠯ ᠲᠠᠢ ᠨᠢᠭᠡᠳᠦᠯᠲᠡᠢ ᠲᠦᠯᠦᠪᠵᠢᠬᠦᠯᠦᠨ ᠠᠬᠢᠭᠤᠯᠪᠠ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠳᠡᠳ᠋ ᠰᠤᠮᠤᠨ ᠳᠠᠷᠤᠭ᠎ᠠ᠂ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠭᠦᠯᠬᠦ ᠲᠥᠪ ᠤᠨ ᠡᠷᠬᠢᠯᠡᠭᠴᠢ ᠪᠠᠷ ᠳᠤᠭᠤᠶᠢᠯᠠᠩ ᠤᠨ ᠳᠡᠳ᠋ | ᠳᠠᠷᠤᠭ᠎ᠠ ᠪᠣᠯᠭᠠᠭᠰᠠᠨ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠭᠠᠴᠠᠭᠠᠨ | ᠳᠠᠷᠤᠭ᠎ᠠ ᠪᠠᠷ ᠪᠦᠷᠢᠯᠳᠦᠭᠦᠨ ᠪᠣᠯᠭᠠᠭᠰᠠᠨ ᠬᠤᠴᠠ ᠬᠢᠨᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠳᠠᠶᠢᠴᠢᠯᠠᠨ ᠪᠠᠶᠢᠷᠢᠯᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ ᠸᠢᠴᠠᠲ ᠤᠨ ᠬᠤᠯᠪᠤᠭ᠎ᠠ | ᠂ ᠨᠠᠶᠢᠵᠠ ᠶᠢᠨ ᠲᠣᠭᠤᠷᠢᠭ᠂ ᠲᠤᠬᠠᠢ ᠶᠢᠨ ᠲᠠᠯᠠᠪᠤᠷ ᠲᠤ ᠤᠬᠠᠭᠤᠯᠭ᠎ᠠ ᠬᠢᠬᠦ ᠵᠡᠷᠭᠡ ᠣᠯᠠᠨ ᠠᠷᠭ᠎ᠠ ᠪᠠᠷᠢᠯ ᠢᠶᠠᠷ | ᠬᠤᠴᠠ ᠬᠢᠨᠠᠨ ᠲᠣᠭᠲᠠᠭᠠᠬᠤ ᠠᠵᠢᠯ ᠤᠨ ᠬᠠᠷᠠᠯᠲᠠ᠂ ᠡᠭᠦᠷᠭᠡ ᠵᠢᠴᠢ ᠠᠯᠬᠤᠮ ᠳᠠᠷᠠᠭ᠎ᠠ ᠵᠡᠷᠭᠡ ᠠᠭᠤᠯᠭ᠎ᠠ ᠶᠢ | ᠥᠷᠭᠡᠨ ᠢᠶᠠᠷ ᠤᠬᠠᠭᠤᠯᠵᠤ᠂ ᠮᠠᠯᠴᠢᠨ ᠲᠦᠮᠡᠨ ᠤ ᠦᠢᠯᠠᠭᠠᠬᠳᠠᠬᠤᠨ ᠢ ᠨᠡᠮᠡᠭᠳᠡᠭᠦᠯᠦᠨ᠂ ᠬᠤᠴᠠ ᠬᠢᠨᠠᠨ | ᠲᠣᠭᠲᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢᠨ ᠰᠠᠭᠤᠷᠢ ᠶᠢ ᠲᠠᠯᠪᠢᠪᠠ᠃ ᠬᠤᠴᠠ ᠶᠢ ᠬᠢᠨᠠᠨ | ᠲᠤᠬᠳᠠᠭᠠᠬᠤ ᠨᠣᠷᠮ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠮᠠᠯᠵᠢᠬᠤ ᠡᠷᠦᠬᠡ ᠳᠤ ᠭᠦᠨᠵᠡᠭᠡᠶᠢᠷᠡᠭᠦᠯᠵᠦ᠂ ᠦᠵᠦᠮᠦᠴᠢᠨ ᠬᠤᠨᠢᠨ ᠤ ᠤᠯᠤᠰ ᠤᠨ ᠪᠠᠷᠢᠮᠵᠢᠶ᠎ᠠ ︵ | GB/T3822-2008︶ ᠵᠢᠴᠢ ᠦᠵᠦᠮᠦᠴᠢᠨ ᠬᠤᠨᠢᠨ ᠤ ᠪᠡᠶ᠎ᠡ ᠶᠢᠨ ᠬᠡᠯᠪᠡᠷᠢ ᠳᠦᠷᠰᠦ᠂ ᠥᠩᠭᠡ ᠵᠢᠰᠤᠮ | ᠵᠡᠷᠭᠡ ᠱᠠᠭᠠᠷᠳᠠᠯᠭ᠎ᠠ ᠶᠣᠰᠣᠭᠠᠷ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠪᠡ᠃ ᠬᠢᠷᠢ ᠲᠡᠩᠴᠡᠭᠰᠡᠨ ᠢ ᠨᠢ | ᠦᠷᠭᠦᠯᠵᠢᠯᠡᠨ ᠰᠣᠩᠭᠤᠨ ᠦᠯᠡᠳᠡᠭᠡᠵᠦ᠂ ᠬᠢᠷᠢ ᠲᠡᠩᠴᠡᠬᠦ ᠦᠭᠡᠢ ᠶᠢ ᠨᠢ ᠴᠢᠬᠢᠨ ᠲᠡᠮᠳᠡᠭ ᠵᠡᠭᠦᠯᠭᠡᠵᠤ᠂ ᠵᠢᠷᠤᠭ | ᠰᠡᠭᠦᠳᠡᠷᠯᠡᠨ᠂ ᠳᠡᠩᠰᠡᠯᠡᠨ ᠲᠡᠮᠳᠡᠭᠯᠡᠨ ᠰᠢᠭᠰᠢᠭᠳᠡᠭᠦᠯᠬᠦ ᠠᠵᠢᠯ ᠢ ᠰᠠᠶᠢᠳᠤᠷ ᠬᠢᠪᠡ᠃ | ᠭᠠᠬᠢᠯ ᠰᠤᠮᠤ ᠨᠢ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠵᠦᠮᠦᠴᠢᠨ ᠬᠤᠨᠢᠨ ᠤ ᠡᠭᠦᠯᠳᠡᠷ ᠤᠨ | ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠲᠦᠯᠬᠢᠨ ᠠᠬᠢᠭᠤᠯᠵᠤ᠂ ᠦᠵᠦᠮᠦᠴᠢᠨ ᠬᠤᠨᠢ ᠶᠢ ᠰᠣᠩᠭᠤᠨ | ᠪᠣᠶᠢᠵᠢᠭᠤᠯᠵᠤ ᠰᠢᠯᠢᠳᠡᠭᠵᠢᠬᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠪᠣᠳᠠᠲᠤ | ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ᠃ | ᠣᠲᠣ ᠪᠣᠯᠲᠠᠯ᠎ᠠ᠂ 6 ᠭᠠᠴᠠᠭ᠎ᠠ ᠶᠢᠨ ᠨᠠᠶᠢᠲᠡ 4280 ᠲᠤᠯᠤᠭᠠᠢ ᠬᠤᠴᠠ ᠶᠢᠨ ᠬᠢᠨᠠᠨ ᠲᠣᠭᠲᠠᠭᠠᠯᠲᠠ ᠶᠢ ᠨᠢᠭᠡᠨᠲᠡ | ᠪᠡᠶᠡᠯᠡᠬᠦᠯᠵᠤ᠂ ᠡᠭᠦᠨ ᠳᠤ ᠬᠢᠷᠢ ᠲᠡᠩᠴᠡᠭᠰᠡᠨ ᠬᠤᠴᠠ 3765 ᠲᠤᠯᠤᠭᠠᠢ ᠪᠠᠶᠢᠵᠤ᠂ ᠦᠵᠦᠮᠦᠴᠢᠨ ᠬᠤᠴᠠ | 207 ᠲᠤᠯᠤᠭᠠᠢ᠂ ᠪᠤᠰᠤᠳ ᠡᠭᠦᠯᠳᠡᠷ ᠤᠨ ᠬᠤᠴᠠ 308 ᠲᠤᠯᠤᠭᠠᠢ ᠶᠢ ᠳᠡᠩᠰᠡᠯᠡᠵᠦ ᠰᠢᠭᠰᠢᠭᠳᠡᠭᠦᠯᠦᠭᠰᠡᠨ | ᠪᠠᠶᠢᠨ᠎ᠠ᠃ | |