ᠭᠠᠬᠢᠯ ᠰᠤᠮᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/18
      ᠣᠳᠣᠬᠠᠨ ᠳᠤ ᠶᠠᠭ ᠡᠪᠡᠰᠦ ᠬᠠᠳᠤᠬᠤ ᠤᠯᠠᠷᠢᠯ ᠪᠤᠯᠬᠤᠷ᠂ ᠬᠠᠷᠢᠶ᠎ᠠ ᠣᠷᠣᠨ ᠤ  ᠶᠠᠪᠤᠭᠤᠯ ᠬᠦᠮᠦᠰ ᠤᠯᠠᠰᠢᠷᠠᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠴᠢᠨᠠᠭᠰᠢᠳᠠ ᠰᠡᠷᠭᠡᠶᠢᠯᠡᠨ  ᠡᠵᠡᠮᠳᠡᠵᠦ᠂ ᠬᠠᠷᠢᠶ᠎ᠠ ᠣᠷᠣᠨ ᠤ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤ  ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠ ᠵᠢᠭᠰᠠᠭᠠᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠲᠤᠬᠠᠢ ᠶᠢᠨ ᠲᠠᠯᠠᠪᠤᠷ ᠤᠨ ᠮᠠᠯᠴᠢᠨ ᠲᠦᠮᠡᠨ ᠳᠤ ᠠᠮᠢᠨ ᠬᠡᠷᠡᠭ ᠢ ᠡᠭᠦᠰᠬᠡᠭᠰᠡᠨ ᠭᠤᠣᠯ ᠰᠢᠯᠲᠠᠭᠠᠨ ᠵᠢᠴᠢ ᠡᠭᠦᠷᠭᠡᠯᠡᠬᠦ ᠶᠣᠰᠣᠲᠠᠢ ᠬᠠᠤᠯᠢ ᠴᠠᠭᠠᠵᠠ ᠶᠢᠨ ᠦᠷ᠎ᠡ ᠳ᠋ᠦᠩ ᠵᠡᠷᠭᠡ ᠶᠢ ᠲᠠᠶᠢᠯᠪᠤᠷᠢᠯᠠᠨ ᠦᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠠᠴᠢ ᠬᠤᠯᠪᠣᠭᠳᠠᠯ ᠪᠠ ᠬᠠᠮᠢᠶ᠎ᠠ ᠪᠦᠬᠦᠢ ᠠᠭᠤᠯᠭ᠎ᠠ ᠶᠢ ᠮᠠᠯᠴᠢᠨ ᠲᠦᠮᠡᠨ ᠳᠤ ᠨᠠᠩ ᠭᠦᠨᠵᠡᠭᠡᠢ ᠣᠶᠢᠯᠠᠭᠠᠭᠤᠯᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠨᠠᠷᠢᠨ ᠵᠦᠢᠯᠡᠰ ᠢ ᠴᠢᠬᠤᠯᠠᠴᠢᠯᠠᠵᠤ᠂ ᠵᠥᠷᠢᠴᠡᠯ ᠵᠢᠭᠤᠷᠠᠯᠳᠤᠭᠠᠨ ᠢ ᠣᠶᠤᠨᠴᠢ ᠪᠠᠷ ᠰᠢᠢᠳᠪᠦᠷᠢᠯᠡᠬᠦ ᠶᠢ ᠬᠥᠮᠥᠵᠢᠭᠦᠯᠦᠨ ᠵᠢᠯᠣᠭᠤᠳᠤᠨ᠎ᠠ᠃      ᠡᠭᠦᠨ ᠤ ᠬᠠᠮᠲᠤ᠂ ᠠᠵᠢᠯᠲᠠᠳ ᠡᠪᠡᠰᠦ ᠬᠠᠳᠤᠵᠤ ᠮᠠᠯᠵᠢᠬᠤ ᠡᠷᠦᠬᠡ ᠳᠤ ᠭᠦᠨᠵᠡᠭᠡᠶᠢᠷᠡᠨ ᠶᠠᠪᠤᠭᠤᠯ ᠬᠥᠮᠥᠰ ᠢ ᠳᠠᠩᠰᠠᠯᠠᠬᠤ ᠵᠢᠴᠢ ᠵᠥᠷᠢᠴᠡᠯ ᠵᠢᠭᠤᠷᠠᠯᠳᠤᠭᠠᠨ᠂ ᠠᠮᠢᠨ ᠬᠡᠷᠡᠭ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠨᠠᠷᠢᠨ ᠲᠠᠩᠰᠠ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠢ ᠲᠣᠳᠣᠷᠬᠠᠶᠢᠯᠠᠵᠤ᠂ ᠬᠠᠮᠢᠶᠠᠷᠴᠤ ᠳᠡᠶᠢᠯᠬᠦ ᠶᠢ ᠪᠠᠲᠤᠯᠠᠵᠤ᠂ ᠠᠮᠢᠨ ᠬᠡᠷᠡᠭ ᠡᠭᠦᠰᠬᠦ ᠶᠢ ᠦᠨᠡᠨᠬᠦ ᠰᠡᠷᠭᠡᠶᠢᠯᠡᠨ ᠬᠤᠷᠢᠭᠯᠠᠵᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠠᠮᠢᠳᠤᠷᠠᠯ ᠤᠨ ᠣᠷᠴᠢᠨ ᠲᠣᠭᠤᠷᠢᠨ ᠢ  ᠪᠤᠢ ᠪᠤᠯᠭᠠᠪᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号