9 ᠰᠠᠷ᠎ᠠ ᠶᠢᠨ 11 ᠤ ᠡᠳᠦᠷ᠂ ᠡᠵᠢᠨᠠᠭᠤᠷ ᠪᠠᠯᠭᠠᠰᠤ ᠨᠢ ᠵᠠᠬᠢᠳᠠᠯ ᠰᠣᠷᠪᠤᠯᠵᠢᠯᠠᠯ ᠤᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ | ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠭᠡᠬᠦ ᠠᠵᠢᠯ ᠢ ᠠᠬᠢᠭᠤᠯᠬᠤ ᠬᠤᠷᠠᠯ ᠵᠢᠴᠢ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠤᠰᠬᠠᠶ | ᠰᠡᠳᠦᠪᠲᠦ ᠪᠣᠯᠪᠠᠰᠤᠷᠠᠯ ᠤᠨ ᠠᠭᠤᠯᠭ᠎ᠠ ᠶᠢ ᠤᠯᠠᠮᠵᠢᠯᠠᠵᠤ᠂ ᠵᠢᠯ ᠤᠨ ᠡᠬᠢᠨ ᠠᠴᠠ ᠨᠠᠰᠢᠬᠢ ᠮᠠᠨ ᠤ ᠪᠠᠯᠭᠠᠰᠤᠨ ᠤ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ | ᠠᠯᠬᠤᠮ ᠤᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ | ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠤᠰ ᠲᠤᠰ ᠤᠨ ᠡᠭᠦᠷᠭᠡᠯᠡᠭᠰᠡᠨ ᠡᠭᠦᠷᠭᠡ ᠪᠠᠨ ᠬᠠᠷᠢᠭᠤᠴᠠᠵᠤ᠂ ᠳᠠᠷᠠᠭᠠᠯᠠᠨ | ᠪᠣᠳᠠᠲᠠᠢ ᠠᠷᠭ᠎ᠠ ᠬᠡᠮᠵᠢᠶ᠎ᠡ ᠠᠪᠴᠤ᠂ ᠰᠢᠢᠳᠪᠦᠷᠢᠯᠡᠬᠦ ᠠᠵᠢᠯ ᠤᠨ ᠲᠥᠰᠦᠯ ᠢ ᠪᠦᠷᠢᠯᠳᠦᠭᠦᠯᠵᠦ᠂ ᠡᠯ᠎ᠡ ᠵᠦᠢᠯ ᠤᠨ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ | ᠪᠠᠶᠢᠯᠭᠠᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠬᠢ ᠡᠭᠦᠰᠦᠯ ᠠᠴᠠ ᠨᠢ ᠤᠷᠢᠳᠴᠢᠯᠠᠨ | ᠰᠡᠷᠭᠡᠶᠢᠯᠡᠬᠦ ᠶᠢ ᠴᠢᠩᠭ᠎ᠠ ᠠᠳᠬᠤᠵᠤ᠂ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠨᠠᠷᠢᠨ ᠬᠢᠨᠠᠮᠠᠭᠠᠢ | ᠡᠮᠬᠢᠯᠡᠵᠦ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠨᠠᠮᠳᠠᠭᠤᠯᠤᠨ ᠲᠣᠭᠲᠠᠪᠤᠷᠢᠵᠢᠭᠤᠯᠤᠨ ᠡᠵᠡᠮᠳᠡᠵᠦ᠂ ᠵᠥᠷᠢᠴᠡᠯ ᠤᠨ ᠭᠡᠮ ᠰᠣᠭᠤᠭ ᠤᠨ ᠤᠯᠠᠮ ᠨᠢᠭᠡ ᠠᠯᠬᠤᠮ | ᠥᠷᠭᠡᠳᠬᠦ ᠶᠢ ᠰᠡᠷᠭᠡᠶᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠢ ᠢᠳᠡᠪᠬᠢᠲᠡᠶ | ᠶᠠᠪᠤᠭᠳᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠳᠠᠷᠠᠭᠤᠯᠤᠨ᠂ ᠤᠯᠠᠨ ᠲᠦᠮᠡᠨ ᠢ | ᠬᠠᠪᠰᠤᠷᠤᠨ ᠳᠡᠷᠭᠡᠳᠡᠬᠢ ᠪᠠᠴᠢᠮ ᠬᠦᠴᠢᠷ ᠵᠣᠪᠠᠭᠤᠷᠢ ᠲᠠᠢ ᠶᠠᠪᠤᠳᠠᠯ ᠢ ᠨᠢ ᠰᠢᠢᠳᠪᠦᠷᠢᠯᠡᠨ ᠥᠭᠴᠦ᠂ ᠵᠠᠬᠢᠳᠠᠯ | ᠰᠤᠷᠪᠤᠯᠵᠢᠯᠠᠭ᠎ᠠ ᠶᠢᠨ ᠡᠮᠬᠢ ᠵᠢᠷᠤᠮ ᠢ ᠨᠡᠩ ᠵᠢᠷᠤᠮᠵᠢᠭᠤᠯᠵᠤ᠂ ᠪᠦᠬᠦ ᠪᠠᠯᠭᠠᠰᠤᠨ ᠤ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠳᠠᠯ ᠤᠨ ᠪᠦᠬᠦ ᠲᠠᠯ᠎ᠠ ᠶᠢ ᠬᠠᠮᠠᠭᠠᠯᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠶ᠃ |