ᠬᠦᠷᠢᠶᠡᠲᠤᠨᠠᠭᠤᠷ ᠰᠤᠮᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠤᠯᠠᠭᠠᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/18
      ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠣᠶᠢᠯᠠᠭᠠᠬᠤ ᠶᠢᠨ ᠲᠥᠯᠥᠭᠡ  ᠂ ᠣᠶᠢᠷ᠎ᠠ ᠶᠢᠨ ᠡᠳᠦᠷ᠂  ᠬᠦᠷᠢᠶᠡᠲᠤᠨᠠᠭᠤᠷ ᠰᠤᠮᠤ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠤᠯᠠᠭᠠᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠭᠴᠢ ᠳᠦᠭᠦᠮ ᠤᠶᠢᠯᠠᠭᠠᠮᠵᠢᠲᠠᠢ ᠦᠭᠡ ᠬᠡᠯᠡ ᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠨ᠎ᠡ ᠰᠡᠪᠡᠭᠦᠨ ᠠᠷᠭ᠎ᠠ ᠬᠡᠯᠪᠡᠷᠢ ᠪᠠᠷ  ᠲᠠᠶᠢᠯᠪᠤᠷᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠦᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠳᠤ ᠲᠠᠶᠢᠯᠤᠮᠵᠢ ᠬᠢᠵᠦ᠂ ︽ᠣᠨᠣᠯ + ᠥᠯᠢᠭᠡᠷ︾᠂ ︽ᠣᠨᠣᠯ + ᠬᠡᠷᠡᠭ ᠤᠨ ᠵᠢᠱᠢᠶ᠎ᠡ︾ ᠶᠢᠨ ᠠᠷᠭ᠎ᠠ ᠮᠠᠶ᠋ᠢᠭ ᠢ ᠬᠡᠷᠡᠭᠯᠡᠨ᠂ ᠤᠯᠤᠰ ᠲᠥᠷᠥ ᠶᠢᠨ ᠦᠭᠡ ᠶᠠᠷᠢᠶ᠎ᠠ᠂ ᠣᠨᠣᠯ ᠤᠨ ᠦᠭᠡ ᠶᠠᠷᠢᠶ᠎ᠠ ᠶᠢ ᠣᠯᠠᠨ ᠲᠦᠮᠡᠨ ᠤ ᠦᠭᠡ ᠬᠡᠯᠡ ᠪᠣᠯᠭᠠᠨ ᠬᠤᠪᠢᠷᠠᠭᠤᠯᠵᠤ᠂ ᠥᠷᠭᠡᠨ ᠣᠯᠠᠨ ᠮᠠᠯᠴᠢᠨ ᠲᠦᠮᠡᠨ ᠳᠤ ᠣᠶᠤᠨ ᠤ ᠲᠡᠵᠢᠭᠡᠯ ᠪᠠ ᠰᠣᠶᠣᠯ ᠤᠨ ᠲᠠᠩᠰᠤᠭ ᠬᠦᠨᠡᠰᠦ ᠬᠦᠷᠭᠡᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠦᠨᠡᠨ ᠬᠦ ᠠᠰᠢᠭ ᠬᠦᠷᠲᠡᠭᠡᠵᠡᠢ᠃      ᠬᠤᠷᠠᠯ ᠳᠤ ᠣᠷᠣᠯᠴᠠᠭᠰᠠᠳ ᠰᠠᠨᠠᠯ ᠨᠢᠭᠡᠲᠡᠢ ᠢᠯᠡᠳᠬᠡᠬᠦ ᠳᠡᠭᠡᠨ᠂ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠲᠠᠮᠵᠢᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠪᠦᠬᠦ ᠲᠠᠯ᠎ᠠ ᠶᠢᠨ ᠭᠦᠨᠵᠡᠭᠡᠢ ᠲᠠᠨᠢᠯᠲᠠ ᠲᠠᠢ ᠪᠣᠯᠵᠤ᠂ ᠳᠠᠷᠠᠭᠠᠴᠢ ᠶᠢᠨ ᠠᠯᠬᠤᠮ ᠳᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ  ᠲᠤᠭᠤᠰᠢᠯᠠᠭᠤᠯᠵᠤ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠥᠨᠢ ᠤᠳᠠᠭᠠᠨ ᠴᠢᠷᠮᠠᠶᠢᠨ ᠠᠵᠢᠯᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号