ᠨᠣᠭᠤᠭ᠎ᠠ ᠪᠠᠨ ᠵᠦᠪ ᠤᠬᠢᠶᠠᠬᠤ ᠨᠢ ᠨᠡᠩ ᠴᠢᠬᠤᠯᠠ
ᠨᠡᠶᠢᠲᠡᠯᠡᠭᠰᠡᠨ ᠴᠠᠭ᠄
2023/9/20
      ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ ᠥᠬᠡᠶ ᠪᠠᠷ ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠤᠤᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄ ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃᠎ ᠤᠨ ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃      ᠪᠤᠳᠠᠭ᠎ᠠ ᠣᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠣᠬᠢᠶᠠᠭᠰᠠᠨ ᠤᠰᠤ ᠪᠠᠷ 5 ~ 10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃      ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 %᠎ ᠶᠢᠨ ᠳᠠᠪᠤᠰᠤ ᠲᠠᠢ ᠤᠰᠤ ᠪᠠᠷ ᠳᠡᠪᠲᠦᠭᠡᠵᠦ 20 ᠮᠢᠨᠦ᠋ᠲ ᠤᠨ ᠳᠠᠷᠠᠭ᠎ᠠ ᠣᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠶ ᠶᠡᠭᠡ ᠪᠠᠶᠢᠯᠭᠠᠵᠤ ᠪᠣᠯᠬᠤ ᠦᠭᠡᠢ᠃      ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠳᠡᠪᠳᠦᠭᠡᠨ᠎ᠡ᠃ ᠭᠡᠪᠡᠴᠦ ᠡᠶᠢᠮᠤ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃ ᠳᠡᠭᠡᠷᠡᠬᠢ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠬᠦᠭᠡᠵᠤ ᠣᠬᠢᠶᠠᠬᠤ᠂ ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠤᠨ᠎ᠠ᠂ ᠡᠨᠡ ᠨᠢ ᠨᠣᠭᠤᠭᠠᠨ ᠤ ᠲᠣᠳᠣᠷᠠᠬᠢ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号