ᠮᠠᠨ ᠤ ᠬᠤᠰᠢᠭᠤ ︽ᠨᠠᠮ ᠢᠶᠠᠨ ᠬᠠᠶᠢᠷᠠᠯᠠᠨ ᠨᠠᠮ ᠢᠶᠠᠨ ᠲᠠᠭᠠᠵᠤ ᠦᠨᠳᠦᠰᠦᠲᠡᠨ ᠤ ᠪᠦᠯᠬᠦᠮᠳᠡᠯ ᠤᠨ ᠲᠣᠣᠷ ᠢ ᠨᠢᠭᠲᠠ ᠰᠦᠯᠵᠢᠶ᠎ᠡ︾  ᠶᠠᠷᠢᠯᠴᠠᠭ᠎ᠠ ᠰᠣᠷᠪᠤᠯᠵᠢᠯᠠᠭ᠎ᠠ ᠶᠢᠨ ᠪᠢᠴᠢᠯ ᠨᠠᠮ ᠤᠨ ᠬᠢᠴᠢᠶᠡᠯ ᠤᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/20
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ‌‍ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ 9 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠨᠠᠮ ᠤᠨ ᠭᠡᠰᠢᠭᠦᠨ ᠭᠤᠣᠯᠯᠠᠬᠤ ᠡᠷᠦᠬᠡ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠶᠢᠨ ᠮᠣᠩᠭᠤᠯ ᠭᠡᠷ ᠲᠤ ︽ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠵᠤ᠂ ᠦᠨᠳᠦᠰᠦᠲᠡᠨ ᠤ ᠪᠦᠯᠬᠦᠮᠳᠡᠯ ᠤᠨ ᠲᠣᠣᠷ ᠢ ᠨᠢᠭᠲᠠ ᠰᠦᠯᠵᠢᠬᠦ︾ ᠪᠠᠷ ᠭᠤᠣᠯ ᠰᠡᠳᠦᠪ ᠪᠣᠯᠭᠠᠭᠰᠠᠨ ᠨᠠᠮ ᠤᠨ ᠪᠢᠴᠢᠯ ᠬᠢᠴᠢᠶᠡᠯ ᠤᠨ ᠰᠢᠭᠤᠳ ᠨᠡᠪᠲᠡᠷᠡᠭᠦᠯᠭᠡ  ᠶᠢᠨ ᠠᠵᠢᠯᠯᠠᠭ᠎ᠠ ᠥᠷᠨᠢᠭᠦᠯᠪᠡ᠃        ᠡᠷᠳᠡᠨᠢᠳᠠᠯᠠᠢ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠡᠷᠳᠡᠨᠢᠪᠠᠶᠠᠷ ᠫᠷᠦᠹᠧᠰᠰᠤᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠠᠰᠠᠭᠤᠳᠠᠯ ᠤᠨ ᠲᠤᠬᠠᠢ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠡᠢ᠃      ᠲᠤᠰ ᠤᠳᠠᠭᠠᠨ ᠤ ᠠᠵᠢᠯᠯᠠᠭ᠎ᠠ ᠶᠢ ︽ᠰᠦᠯᠵᠢᠶᠡᠨ ᠰᠢᠭᠤᠳ ᠨᠡᠪᠲᠡᠷᠡᠭᠦᠯᠭᠡ + ᠲᠤᠬᠠᠢ ᠶᠢᠨ ᠲᠠᠯᠠᠪᠠᠢ︾ ᠭᠡᠬᠦ ᠬᠤᠶᠠᠷ ᠵᠦᠢᠯ ᠤᠨ ᠠᠷᠭ᠎ᠠ ᠪᠠᠷ ᠶᠠᠪᠤᠭᠳᠠᠭᠤᠯᠵᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ ᠰᠢᠭᠦᠬᠦ ᠬᠤᠷᠢᠶ᠎ᠠ ᠂ ᠬᠢᠯᠢ ᠶᠢᠨ ᠪᠣᠭᠤᠮᠲᠠ᠂ ᠬᠠᠳᠠᠪᠴᠢ ᠪᠠᠯᠭᠠᠰᠤ᠂ ᠪᠠᠶᠠᠨᠵᠢᠯᠠᠭ᠎ᠠ ᠰᠦᠢᠳᠬᠡᠯ ᠬᠤᠷᠢᠶᠠᠬᠤ ᠥᠷᠲᠡᠭᠡ ᠶᠢᠨ ᠬᠠᠮᠢᠶ᠎ᠠ ᠪᠦᠬᠦᠢ ᠠᠵᠢᠯᠲᠠᠨ᠂ ᠦᠨᠳᠦᠰᠦᠨ ᠱᠠᠲᠤᠨ ᠤ ᠮᠠᠯᠴᠢᠳ ᠤᠨ ᠲᠥᠯᠥᠭᠡᠯᠡᠭᠴᠢ ᠬᠠᠮᠲᠤ ᠪᠠᠷ ︽ᠲᠤᠬᠠᠢ ᠶᠢᠨ ᠲᠠᠯᠠᠪᠤᠷ︾  ᠤᠨ ᠰᠤᠷᠤᠯᠴᠠᠯᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠤᠭᠰᠠᠨ ᠬᠠᠮᠲᠤᠷᠠᠨ ᠰᠤᠷᠤᠯᠴᠠᠬᠤ ᠬᠤᠯᠪᠤᠭᠠᠨ ᠤ 12 ᠨᠠᠮ ᠤᠨ ᠡᠭᠦᠷ ᠵᠢᠴᠢ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ 1000 ᠭᠠᠷᠤᠢ ᠺᠠᠳ᠋ᠷ ᠣᠯᠠᠨ ᠲᠦᠮᠡᠨ ︽ᠰᠦᠯᠵᠢᠶᠡᠨ  ᠰᠢᠭᠤᠳ ᠨᠡᠪᠲᠡᠷᠡᠭᠦᠯᠭᠡ︾ ᠪᠠᠷ ᠰᠢᠭᠤᠳ ᠨᠡᠪᠲᠡᠷᠡᠭᠦᠯᠭᠡ ᠶᠢ ᠦᠵᠡᠪᠡ᠃      ᠰᠢᠭᠤᠳ ᠨᠡᠪᠲᠡᠷᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠢᠷᠡᠯᠲᠡ᠂ ᠠᠴᠢ ᠬᠤᠯᠪᠣᠭᠳᠠᠯ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠭᠤᠣᠯ ᠱᠤᠭᠤᠮ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠦᠨᠳᠦᠰᠦᠲᠡᠨ ᠤ ᠤᠨᠤᠯ ᠤᠨ ᠲᠠᠯ᠎ᠠ ᠪᠠᠷ ᠬᠢ ᠴᠢᠬᠤᠯᠠ ᠥᠭᠦᠯᠡᠯᠲᠡ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠵᠡᠷᠭᠡ ᠲᠠᠯ᠎ᠠ ᠪᠠᠷ ᠬᠢ ᠴᠢᠬᠤᠯᠠ‌ᠠᠴᠢ ᠬᠤᠯᠪᠣᠭᠳᠠᠯ ᠢ ᠭᠦᠨᠵᠡᠭᠡᠢ ᠪᠥᠭᠡᠳ‌ᠣᠶᠢᠯᠠᠭᠠᠮᠵᠢᠲᠠᠢ ᠪᠠᠷ ᠲᠣᠳᠣᠷᠬᠠᠶᠢᠯᠠᠨ ᠲᠠᠶᠢᠯᠪᠤᠷᠢᠯᠠᠵᠠᠢ᠃    ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠡᠩ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ︽ᠠᠨᠠᠷ ᠤᠨ ᠦᠷ᠎ᠡ︾ ᠶᠢᠨ ᠬᠢᠴᠢᠶᠡᠯ ᠤᠨ ᠲᠠᠩᠬᠢᠮ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠦᠢᠯᠡᠳᠦᠯ ᠴᠢᠳᠠᠪᠬᠢ ᠵᠢᠴᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠤᠨ ᠲᠣᠣᠷ ᠢ ᠨᠢᠭᠲᠠᠷᠠᠭᠤᠯᠬᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号