ᠮᠠᠨ ᠤ ᠬᠤᠰᠢᠭᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠪᠰᠤᠷᠤᠨ ᠳᠡᠳᠬᠦᠬᠦ ᠬᠡᠯᠡᠯᠴᠡᠭᠡᠷ ᠲᠤᠭᠲᠠᠪᠠ
ᠨᠡᠶᠢᠲᠡᠯᠡᠭᠰᠡᠨ ᠴᠠᠭ᠄
2023/9/20
      ᠭᠤᠷᠪᠠᠨ ᠬᠥᠬᠡ ᠳᠡᠰ ᠤᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠳᠠᠪᠠᠭᠤᠯᠢᠭ ᠵᠢᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠦᠭᠡ᠂ 9 ᠰᠠᠷ᠎ᠠ ᠶᠢᠨ 6 ᠤ ᠡᠳᠦᠷ᠂ ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠪᠣᠯᠣᠨ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ︽ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ  ᠶᠢᠨ ᠬᠤᠷᠢᠶᠠᠨ ᠤ ᠡᠮᠴᠢᠯᠡᠭᠡᠨ ᠤ ᠬᠤᠯᠪᠣᠭᠠᠲᠤ ᠴᠣᠭᠴᠠ︾ ︽ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠠᠮᠠᠨ ᠬᠥᠨᠳᠡᠢ ᠶᠢᠨ ᠠᠨᠠᠭᠠᠬᠤ ᠤᠬᠠᠭᠠᠨ ᠤ ᠲᠤᠰᠬᠠᠢ ᠡᠮᠨᠡᠯᠭᠡ ᠶᠢᠨ ᠬᠤᠯᠪᠣᠭᠠᠲᠤ ᠴᠣᠭᠴᠠ︾ ᠶᠢᠨ ᠪᠦᠷᠢᠯᠳᠦᠭᠦᠨ ᠨᠢᠭᠡᠴᠡ ᠪᠤᠯᠬᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠪᠰᠤᠷᠤᠨ ᠳᠡᠳᠬᠦᠬᠦ ᠬᠡᠯᠡᠯᠴᠡᠭᠡᠷ ᠳᠣᠭᠲᠠᠵᠠᠢ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠯᠴᠡᠭᠡᠷ ᠲᠤᠭᠲᠠᠬᠤ ᠶᠣᠰᠣᠯᠠᠯ ᠳᠤ ᠣᠷᠣᠯᠴᠠᠪᠠ᠃      ᠡᠨᠡ ᠤᠳᠠᠭᠠᠨ ᠤ ᠬᠡᠯᠡᠯᠴᠡᠭᠡᠷ ᠨᠢ ᠮᠠᠨ ᠤ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠬᠤ᠂ ᠬᠢᠯᠢ ᠬᠢᠵᠠᠭᠠᠷ ᠣᠷᠣᠨ ᠤ ᠡᠮ ᠡᠮᠨᠡᠯᠭᠡ ᠶᠢᠨ ᠬᠥᠭᠵᠢᠯᠲᠡ ᠶᠢ ᠳᠡᠮᠵᠢᠬᠦ ᠡᠭᠦᠷᠭᠡ ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠶᠢ ᠬᠠᠷᠠᠭᠤᠯᠵᠠᠢ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠲᠣᠰ ᠤᠳᠠᠭᠠᠨ ᠤ ᠬᠠᠮᠲᠦᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠵᠢᠴᠢ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠠᠯᠤᠰ ᠠᠴᠠ ᠬᠠᠮᠲᠤᠷᠠᠨ ᠣᠨᠣᠰᠢᠯᠠᠬᠤ᠂ ᠲᠣᠭᠤᠷᠢᠨ ᠡᠮᠴᠢᠯᠡᠬᠦ ᠵᠡᠷᠭᠡ ᠲᠠᠯ᠎ᠠ ᠪᠠᠷ ᠣᠯᠠᠨ ᠲᠠᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠪᠣᠯᠣᠨ᠎ᠠ᠃      ᠬᠡᠯᠡᠯᠴᠡᠭᠡᠷ ᠲᠣᠭᠲᠠᠬᠤ ᠶᠣᠰᠣᠯᠠᠯ ᠤᠨ ᠳᠠᠷᠠᠭ᠎ᠠ ᠫᠠᠶᠢᠰᠠ ᠢᠯᠡᠷᠬᠡᠶᠢᠯᠡᠯ ᠰᠡᠬᠦᠵᠡᠢ᠃      ᠣᠶᠢᠯᠠᠭᠠᠭᠰᠠᠨ ᠢᠶᠠᠷ᠂ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠪᠣᠯ ᠡᠮᠴᠢᠯᠡᠭᠡ ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠷᠢᠳᠴᠢᠯᠠᠨ ᠰᠡᠷᠭᠡᠶᠢᠯᠡᠬᠦ ᠶᠢ ᠨᠢᠭᠡ ᠴᠣᠭᠴᠠᠵᠢᠭᠤᠯᠤᠭᠰᠠᠨ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠮᠥᠨ᠂ ᠳᠡᠯᠡᠬᠡᠢ ᠶᠢᠨ 500 ᠬᠦᠴᠦᠷᠬᠡᠭ ᠴᠡᠷᠢᠭ ᠤᠨ ᠠᠵᠤ ᠦᠢᠯᠡᠳᠪᠦᠷᠢ ᠶᠢᠨ ᠲᠥᠪ ᠤᠨ ᠠᠵᠤ ᠠᠬᠤᠶᠢᠯᠠᠯ ︱ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠨ᠎ᠠ᠃ ᠮᠡᠷᠭᠡᠵᠢᠯ ᠳᠡᠭᠡᠨ ᠴᠠᠭᠠᠷᠠᠭᠰᠠᠨ᠂ ᠲᠤᠷᠰᠢᠯᠭ᠎ᠠ ᠪᠠᠷ ᠪᠠᠶᠠᠯᠢᠭ ᠲᠤᠰᠬᠠᠢ ᠮᠡᠷᠭᠡᠵᠢᠯᠲᠡᠨ ᠤ ᠡᠩᠨᠡᠭᠡ  ᠲᠠᠢ᠂ ᠡᠮ ᠡᠮᠨᠡᠯᠭᠡ ᠶᠢᠨ ᠲᠥᠬᠦᠭᠡᠷᠦᠮᠵᠢ ᠳᠠᠪᠰᠢᠩᠭᠤᠢ᠂ ᠮᠡᠷᠭᠡᠵᠢᠯ ᠤᠨ ᠬᠦᠴᠦᠨ ᠢᠶᠠᠷ ᠴᠢᠩᠭ᠎ᠠ᠂ ᠮᠡᠳᠡᠷᠡᠯ ᠤᠨ ᠭᠠᠳᠠᠷ ᠰᠠᠯᠠᠭ᠎ᠠ᠂ ᠠᠮᠠᠨ ᠬᠥᠨᠳᠡᠢ᠂ ᠡᠮᠡᠭᠲᠡᠶᠢᠴᠦᠳ᠂ ᠬᠡᠦᠬᠡᠳ ᠤᠨ ᠰᠠᠯᠠᠭᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠨᠢ ᠠᠵᠢᠯ ᠲᠦᠷᠦᠯ ᠤᠨ ᠳᠣᠲᠤᠷ᠎ᠠ ᠪᠠᠨ ᠲᠡᠷᠢᠭᠦᠨ ᠤ ᠲᠦᠪᠰᠢᠨ ᠳᠤ ᠬᠦᠷᠴᠦ ᠂ ᠬᠡᠰᠡᠭ ᠲᠦᠷᠦᠯ ᠵᠦᠢᠯ ᠨᠢ ᠨᠡᠩ ᠴᠤ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠪᠡᠭᠡᠵᠢᠩ ᠤᠨ ᠠᠭᠠᠷ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠡᠷᠴᠢᠮ ᠢᠶᠠᠨ ᠴᠢᠩᠭᠠᠷᠠᠭᠤᠯᠵᠤ᠂ ᠬᠠᠮᠲᠤ ᠪᠠᠷ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠵᠠᠭᠪᠤᠷ ᠤᠨ ᠰᠢᠰᠲ᠋ᠧᠮ ᠢ ᠲᠣᠭᠲᠠᠭᠠᠨ᠂ ᠠᠮᠠᠨ ᠬᠥᠨᠳᠡᠢ᠂ ᠵᠢᠷᠦᠬᠡᠨ ᠤ ᠳᠣᠲᠣᠷ ᠰᠠᠯᠠᠭ᠎ᠠ᠂ ᠬᠢᠲᠠᠳ ᠡᠮᠨᠡᠯᠭᠡ᠂ ᠬᠡᠲᠦ ᠲᠠᠭᠤᠨ ᠵᠡᠷᠭᠡ ᠲᠠᠯ᠎ᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠢ ᠭᠤᠣᠯᠳᠠᠯᠭ᠎ᠠ ᠲᠠᠢ ᠳᠡᠭᠡᠭᠰᠢᠯᠡᠭᠦᠯᠬᠦ ᠶᠢᠨ ᠬᠠᠮᠲᠤ ᠡᠪᠡᠳᠴᠢᠲᠡᠨ ᠢ ᠲᠠᠰ ᠬᠤᠪᠢᠶᠠᠨ ᠰᠢᠯᠵᠢᠭᠦᠯᠦᠨ ᠡᠮᠨᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠥᠷᠭᠡᠨ ᠣᠯᠠᠨ ᠡᠪᠡᠳᠴᠢᠲᠡᠨ ᠳᠤ ᠨᠠᠩ ᠣᠯᠠᠨ ᠡᠪᠡᠳᠴᠢᠨ ᠦᠵᠡᠭᠦᠯᠬᠦ ᠲᠠᠪᠴᠠᠩ ᠢ ᠬᠠᠩᠭᠠᠬᠤ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号