ᠮᠠᠨ ᠤ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠵᠢᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/9/20
      9 ᠰᠠᠷ᠎ᠠ ᠶᠢᠨ 7 ᠤ ᠡᠳᠦᠷ᠂ᠮᠠᠨ ᠤ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠵᠢᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠺᠧ ᠰᠢᠶᠣᠣ ᠮᠢᠩ ᠬᠤᠷᠠᠯ ᠢ ᠡᠷᠭᠢᠯᠡᠪᠡ᠃      ᠬᠤᠷᠠᠯ   ᠠᠴᠠ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠲᠠᠯ᠎ᠠ ᠪᠠᠷ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠣᠨ ᠪᠦᠬᠦ ᠣᠷᠣᠯᠠᠨ ᠭᠦᠢᠴᠡᠳᠭᠡᠭᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠣᠯᠠᠨ ᠲᠦᠮᠡᠨ ᠤ ᠲᠤᠰᠬᠠᠭᠰᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ  ᠪᠠᠷ ᠠᠵᠢᠯ ᠤᠨ ᠢᠶᠠᠨ ᠡᠬᠢᠯᠡᠯᠲᠡ ᠶᠢᠨ ᠴᠡᠭ ᠪᠣᠯᠭᠠᠵᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠨ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ  ᠪᠣᠯᠭᠠᠬᠤ ᠬᠡᠷᠡᠭᠲᠡᠢ ᠭᠡᠵᠡᠢ᠃      ᠡᠨᠡ ᠬᠤᠭᠤᠴᠠᠭᠠᠨ ᠳᠤ᠂  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠴᠧᠨ ᠶᠠ ᠯᠢᠩ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠢᠦᠢ ᠠᠴᠠ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠡᠢ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤ᠂ ᠰᠤᠮᠤ ᠪᠠᠯᠭᠠᠰᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠪᠤᠯᠪᠠᠰᠤᠷᠠᠯ ᠳᠤ ᠤᠷᠤᠯᠴᠠᠵᠠᠢ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号