ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠬᠠᠮᠲᠤᠷᠠᠯᠴᠠᠭ᠎ᠠ | ᠰᠣᠯᠢᠯᠴᠠᠭ᠎ᠠ ᠶᠢ ᠠᠬᠢᠭᠤᠯᠵᠤ᠂ ᠴᠡᠷᠢᠭ ᠠᠷᠠᠳ ᠤᠨ ᠬᠤᠭᠤᠷᠣᠨᠳᠣᠬᠢ ᠵᠢᠭᠠᠰᠤ ᠤᠰᠤᠨ ᠤ ᠰᠡᠳᠬᠢᠯᠭᠡ ᠶᠢ | ᠭᠦᠨᠵᠡᠭᠡᠶᠢᠷᠡᠭᠦᠯᠬᠦ ᠶᠢᠨ ᠲᠥᠯᠥᠭᠡ᠂ 8 ᠰᠠᠷ᠎ᠠ ᠶᠢᠨ 30 ᠤ ᠡᠳᠦᠷ᠂ ᠵᠡᠭᠦᠨ ᠦᠵᠦᠮᠦᠴᠢᠨ ᠬᠤᠰᠢᠭᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠣᠨ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ᠂ ᠬᠠᠯᠠᠭᠠᠶᠢᠲᠤ | ᠭᠠᠴᠭᠠᠨ ᠳᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠭᠦᠯᠦᠨ ᠪᠣᠵᠠᠭᠠᠶᠢᠷᠠᠭᠤᠯᠵᠦ᠂ ᠠᠵᠣ ᠦᠢᠯᠡᠰ ᠢᠶᠠᠷ | ᠬᠠᠪᠰᠤᠷᠤᠨ ᠲᠡᠮᠵᠢᠬᠦ ᠶᠣᠰᠣᠯᠠᠯ ᠢ ᠶᠠᠪᠣᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠣᠯᠣᠰ ᠲᠦᠷᠦ ᠶᠢᠨ ᠭᠡᠰᠢᠭᠦᠨ ᠴᠧᠨ ᠽᠠᠢ ᠯᠢᠨ᠂ | ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠵᠢᠶᠦ᠋ᠨ᠂ ᠤᠯᠢᠶᠠᠰᠤᠲᠠᠢ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠨᠠᠷᠠᠠᠳᠣᠶᠠᠭᠠ ᠬᠠᠪᠰᠤᠷᠤᠨ ᠲᠡᠮᠵᠢᠬᠦ ᠶᠣᠰᠣᠯᠠᠯ ᠳᠤ ᠣᠷᠣᠯᠴᠠᠵᠤ᠂ ᠬᠠᠯᠠᠭᠠᠶᠢᠲᠤ | ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠪᠠ ᠨᠠᠮ ᠤᠨ ᠭᠡᠰᠢᠭᠦᠨ᠂ ᠮᠠᠯᠴᠢᠨ ᠲᠥᠯᠥᠭᠡᠯᠡᠭᠴᠢᠳ | ᠬᠦᠳᠡᠯᠭᠡᠭᠡᠨ ᠳᠤ ᠣᠷᠣᠯᠴᠠᠪᠠ᠃ | ᠬᠦᠳᠡᠯᠭᠡᠭᠡᠨ ᠬᠠᠮᠤᠭ ᠤᠨ ᠲᠦᠷᠦᠭᠦᠨ ᠳᠤ ᠪᠡᠯᠡᠭᠯᠡᠨ ᠬᠦᠷᠭᠡᠬᠦ ᠶᠣᠰᠣᠯᠠᠯ ᠢ ᠶᠠᠪᠣᠭᠤᠯᠪᠠ᠃ ᠬᠤᠰᠢᠭᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠤᠯᠢᠶᠠᠰᠤᠲᠠᠢ ᠪᠠᠯᠭᠠᠰᠤᠨ ᠤ ᠬᠠᠯᠠᠭᠠᠶᠢᠲᠤ ᠭᠠᠴᠠᠭᠠᠨ ᠳᠤ 5 | ᠲᠦᠮᠡᠨ ᠲᠥᠭᠦᠷᠢᠭ ᠤᠨ ᠥᠷᠲᠡᠭ ᠲᠠᠢ 41 ᠲᠣᠯᠣᠭᠠᠢ ᠦᠵᠦᠮᠦᠴᠢᠨ ᠰᠠᠭᠤᠷᠢ ᠡᠭᠡ ᠮᠠᠯ ᠬᠠᠨᠳᠢᠪᠯᠡᠵᠤ᠂ | ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠭᠦᠯᠦᠨ ᠪᠣᠵᠠᠭᠠᠶᠢᠷᠠᠭᠤᠯᠣᠨ᠎ᠠ᠃ | ᠬᠦᠳᠡᠯᠭᠡᠭᠡᠨ ᠤ ᠳᠤᠮᠳᠠ᠂ ᠬᠠᠯᠠᠭᠠᠶᠢᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ | ᠠᠯᠳᠠᠨᠪᠠᠳᠣ ᠭᠠᠴᠠᠭᠠᠨ ᠤ ᠪᠥᠬᠦ ᠮᠠᠯᠴᠢᠳ ᠢ ᠲᠥᠯᠥᠭᠡᠯᠡᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠲᠤ ᠲᠤᠭ ᠬᠦᠷᠭᠡᠨ ᠲᠠᠯᠠᠷᠬᠠᠯ ᠢᠶᠠᠨ ᠢᠯᠡᠳᠭᠡᠵᠦ᠂ ᠪᠠᠰᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠲᠡᠷᠡ ᠬᠠᠯᠠᠭᠠᠶᠢᠲᠤ ᠭᠠᠴᠠᠭ᠎ᠠ ᠨᠢ ᠲᠣᠰ ᠣᠳᠠᠭᠠᠨ ᠤ ᠬᠠᠪᠰᠤᠷᠤᠨ ᠲᠡᠮᠵᠢᠬᠦ ᠠᠵᠠ ᠲᠣᠬᠢᠶᠠᠯ ᠢ ᠨᠠᠨᠳᠢᠩᠨᠠᠨ᠂ | ᠭᠠᠴᠠᠭ᠎ᠠ ᠶᠢᠨ ᠪᠣᠳᠠᠲᠠᠢ ᠳᠤ ᠰᠠᠭᠤᠷᠢᠯᠠᠨ᠂ ᠪᠡᠯᠡᠭᠯᠡᠨ ᠬᠦᠷᠭᠡᠭᠰᠡᠨ ᠦᠵᠦᠮᠦᠴᠢᠨ ᠬᠤᠨᠢ ᠶᠢ ᠰᠠᠶᠢᠲᠤᠷ | ᠬᠥᠭᠵᠢᠭᠦᠯᠦᠨ ᠰᠠᠶᠢᠲᠤᠷ ᠬᠠᠮᠢᠶᠠᠷᠴᠤ᠂ ᠠᠵᠤ ᠠᠬᠤᠢ ᠢᠶᠠᠷ ᠬᠠᠪᠰᠤᠷᠤᠨ ᠲᠡᠮᠵᠢᠬᠦ ᠶᠢ ᠦᠢᠯᠡᠳᠪᠦᠷᠢᠯᠡᠯ ᠤᠨ ᠦᠷ᠎ᠡ | ᠠᠰᠢᠭ ᠪᠣᠯᠭᠠᠨ ᠬᠤᠪᠢᠷᠠᠭᠤᠯᠵᠤ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠤᠯᠠᠮ ᠨᠢᠭᠡ | ᠠᠯᠬᠤᠮ ᠬᠦᠴᠦᠷᠭᠡᠭᠵᠢᠭᠦᠯᠦᠨ ᠪᠣᠵᠠᠭᠠᠶᠢᠷᠠᠭᠤᠯᠵᠦ ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ ᠭᠡᠪᠡ᠃ | ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠭᠦᠯᠦᠨ ᠪᠤᠵᠠᠭᠠᠶᠢᠷᠠᠭᠤᠯᠬᠤ ᠨᠢ ᠮᠠᠯᠴᠢᠨ | ᠲᠦᠮᠡᠨ ᠳᠤ ᠬᠠᠮᠲᠤ ᠶᠢᠨ ᠠᠵᠤ ᠠᠬᠤᠢ ᠶᠢᠨ ᠠᠰᠢᠭ ᠲᠤᠰᠠ ᠶᠢ ᠦᠨᠡᠨᠬᠦ ᠡᠳ᠋ᠯᠡᠭᠦᠯᠦᠭᠰᠡᠨ ᠢᠶᠠᠷ ᠪᠠᠷᠠᠬᠤ ᠦᠭᠡᠢ᠂ | ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ | ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠮᠠᠯᠴᠢᠨ ᠲᠦᠮᠡᠨ ᠤ ᠠᠵᠤ ᠦᠢᠯᠡᠰ ᠤᠨ ᠬᠥᠭᠵᠢᠯᠲᠡ ᠳᠤ | ᠣᠷᠣᠯᠴᠠᠬᠤ ᠶᠠᠪᠤᠴᠠ ᠳᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠲᠡᠯᠭᠡᠨ᠎ᠡ᠃ | |