ᠣᠳᠬᠠᠨᠪᠠᠶᠠᠷ ᠨᠥᠬᠦᠷ ᠪᠣᠯ ᠤᠯᠢᠶᠠᠰᠤᠲᠠᠢ ᠪᠠᠯᠭᠠᠰᠤᠨ ᠤ ᠪᠠᠶ᠋ᠬᠠᠷᠬᠡᠳᠣ ᠨᠡᠶᠢᠭᠡᠮ ᠲᠣᠭᠤᠷᠢᠭ ᠤᠨ | ᠲᠣᠣᠷᠴᠢᠯᠠᠭᠰᠠᠨ ᠬᠠᠮᠢᠶᠠᠷᠣᠯᠳᠠ ᠶᠢᠨ ᠠᠵᠢᠯᠲᠠᠨ ᠮᠥᠨ᠂ ᠪᠠᠰᠠ ᠴᠤ 12 ᠵᠢᠯ ᠠᠯᠪᠠ ᠬᠠᠭᠠᠭᠰᠠᠨ ᠴᠡᠷᠢᠭ ᠠᠴᠠ | ᠬᠠᠯᠠᠭᠳᠠᠭᠰᠠᠳ ᠮᠥᠨ᠂ ᠨᠠᠩ ᠴᠤ 28 ᠵᠢᠯ ᠤᠨ ᠬᠢᠷᠢ ᠭᠡᠮ ᠲᠠᠢ ᠡᠪ ᠬᠠᠮᠲᠤ ᠨᠠᠮ ᠤᠨ ᠭᠡᠰᠢᠭᠦᠨ ᠮᠥᠨ᠃ | ᠴᠡᠷᠢᠭ ᠶᠢᠨ ᠠᠯᠪᠠ ᠬᠠᠭᠠᠵᠤ ᠪᠠᠶᠢᠬᠤ ᠬᠤᠭᠤᠴᠠᠭᠠᠨ ᠳᠤ ᠪᠠᠨ᠂ ᠬᠤᠪᠢ ᠬᠥᠮᠦᠨ ᠤ ᠭᠤᠷᠪᠠᠳᠤᠭᠠᠷ ᠳᠡᠰ ᠤᠨ | ᠭᠠᠪᠢᠶ᠎ᠠ ᠶᠢ ᠨᠢᠭᠡ ᠤᠳᠠᠭ᠎ᠠ ᠪᠠᠶᠢᠭᠤᠯᠵᠤ᠂ ᠪᠠᠲᠯᠢᠶᠣᠨ᠂ ᠬᠤᠷᠢᠶ᠎ᠠ ᠶᠢᠨ ᠲᠡᠰ ᠢ ᠨᠡᠶᠢᠳᠠ ᠭᠤᠷᠪᠠ ᠤᠳᠠᠭ᠎ᠠ | ᠬᠥᠬᠢᠭᠦᠯᠦᠨ ᠱᠠᠩᠨᠠᠭᠳᠠᠪᠠ︔ ᠤᠷᠢᠳ ᠬᠤᠵᠢᠳ ︽ᠰᠢᠯᠢᠳᠡᠭ ᠪᠠᠶᠢᠯᠳᠤᠭᠴᠢ︾᠂ ︽ᠤᠯᠠᠭᠠᠨ ᠲᠤᠭ ᠤᠨ | ᠵᠢᠯᠣᠭᠤᠴᠢ︾ ᠪᠠᠷ ᠦᠨᠡᠯᠡᠭᠳᠡᠪᠡ᠃ ᠣᠳᠣ ᠪᠠᠶ᠋ᠬᠠᠷᠬᠡᠳᠣ ᠨᠡᠶᠢᠭᠡᠮ ᠲᠣᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡᠨ ᠤ ᠳᠡᠳ᠋ ᠳᠠᠷᠤᠭ᠎ᠠ᠂ ᠠᠯᠳᠠᠨ ᠲᠣᠭᠤᠨᠣ ᠲᠣᠭᠤᠷᠢᠭ ᠤᠨ | ᠥᠮᠴᠢᠲᠡᠨ ᠤ ᠵᠥᠪᠯᠡᠯ ᠤᠨ ᠡᠷᠬᠢᠯᠡᠭᠴᠢ᠂ ᠠᠯᠳᠠᠨ ᠲᠣᠭᠤᠨᠣ ᠲᠣᠭᠤᠷᠢᠭ ᠤᠨ 8 ᠳ᠋ᠤᠭᠠᠷ ᠠᠰᠠᠷ ᠤᠨ ᠳᠠᠷᠤᠭ᠎ᠠ᠂ | ᠰᠠᠶᠢᠨ ᠳᠤᠷ᠎ᠠ ᠶᠢᠨ ᠲᠣᠭᠤᠷᠢᠨ ᠴᠠᠭᠳᠠᠬᠤ ᠠᠩᠭᠢ ᠶᠢᠨ ᠠᠯᠪᠠᠨ ᠵᠢᠷᠤᠮ ᠤᠨ ᠴᠠᠭᠳᠠᠭᠠᠨ ᠤ ᠲᠤᠰᠢᠶᠠᠯ ᠢ | ᠬᠠᠷᠢᠭᠤᠴᠠᠵᠤ ᠪᠠᠶᠢᠨ᠎ᠠ᠃ | ᠨᠢᠭᠡ᠂ ᠨᠢᠭᠡᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠦᠨᠳᠦ ᠬᠡᠴᠡᠭᠦᠦ ᠪᠠᠶᠢᠳᠠᠯ ᠤᠨ ᠡᠮᠦᠨ᠎ᠡ | ᠰᠠᠨᠠᠭᠠᠴᠢᠯᠠᠭ᠎ᠠ ᠠᠴᠠ ᠪᠠᠨ ᠵᠢᠭᠠᠪᠦᠷᠢ ᠭᠤᠶᠣᠴᠢᠯᠠᠨ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ | ᠭᠠᠪᠰᠢᠭᠠᠶᠢᠯᠠᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠠᠪᠰᠢᠭᠠᠶᠢᠯᠠᠭᠴᠢ | ᠪᠣᠯᠣᠭᠰᠠᠭᠠᠷ ᠢᠷᠡᠵᠡᠢ᠃ | 2020 ᠣᠨ ᠳᠤ ᠰᠢᠨ᠎ᠡ ᠲᠢᠳᠢᠮᠯᠢᠭ ᠠᠭᠤᠰᠬᠢᠨ ᠤ ᠦᠷᠪᠢᠰᠦᠯ ᠤᠨ ᠬᠢᠵᠢᠭ ᠡᠭᠦᠰᠬᠦ ᠦᠶ᠎ᠡ ᠳᠤ᠂ ᠲᠡᠷᠡ | ᠨᠢᠭᠡᠨ ᠨᠠᠮ ᠤᠨ ᠭᠡᠰᠢᠭᠦᠨ᠂ ᠨᠢᠭᠡᠨ ᠴᠡᠷᠢᠭ ᠠᠴᠠ ᠬᠠᠯᠠᠭᠳᠠᠭᠰᠠᠳ ᠤᠨ ᠵᠣᠷᠢᠭ ᠰᠠᠨᠠᠭ᠎ᠠ ᠪᠠᠨ ᠪᠠᠳᠠᠷᠠᠭᠤᠯᠵᠣ᠂ ︽ | ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠨᠢᠭᠡᠨ ᠡᠪ ᠬᠠᠮᠲᠤ | ᠨᠠᠮ ᠤᠨ ᠭᠡᠰᠢᠭᠦᠨ ᠤ ᠬᠠᠷᠢᠭᠤᠴᠠᠯᠭ᠎ᠠ ᠮᠥᠨ᠂ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠣᠴᠢᠨ᠎ᠠ︾ ᠭᠡᠵᠣ ᠢᠳᠡᠭᠡᠯ | ᠲᠡᠭᠦᠯᠳᠡᠷ ᠶᠠᠷᠢᠵᠣ ᠪᠠᠶᠢᠯ᠎ᠠ᠃ | ᠣᠳᠬᠠᠨᠪᠠᠶᠠᠷ ᠨᠥᠬᠦᠷ ᠭᠠᠳᠠᠷ ᠣᠷᠣᠨᠡᠴᠡ ᠨᠤᠲᠤᠭ ᠲᠠᠭᠠᠨ ᠪᠤᠴᠠᠭᠰᠠᠨ ᠭᠤᠤᠯᠳᠠᠯᠭ᠎ᠠ ᠲᠠᠢ ᠬᠥᠮᠦᠰ ᠪᠠ | ᠬᠠᠷᠢᠶᠠᠲᠤ ᠣᠷᠣᠨ ᠤ ᠨᠡᠭᠦᠳᠡᠯ ᠬᠥᠮᠦᠰ ᠤᠨ ᠨᠠᠷᠢᠨ ᠪᠠᠶᠢᠳᠠᠯ ᠢ ᠪᠠᠶᠢᠴᠠᠭᠠᠨ ᠣᠶᠢᠯᠭᠠᠵᠣ᠂ ᠡᠷᠦᠬᠡ ᠳᠠᠷᠠᠭᠠᠯᠠᠨ | ᠲᠠᠩᠰᠠ ᠡᠪᠬᠡᠮᠡᠯ ᠪᠠᠶᠢᠭᠤᠯᠵᠠᠶ᠃ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠠᠮᠠᠭᠠᠯᠠᠯᠲᠠ ᠶᠢᠨ ᠬᠡᠷᠡᠰᠬᠡ ᠶᠢ | ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠢ ᠡᠭᠦᠷᠭᠡᠯᠡᠵᠦ᠂ ᠡᠳᠦᠷ ᠰᠥᠨᠢ ᠢᠯᠭᠠᠯ ᠦᠭᠡᠢ ᠪᠠᠷ | ᠬᠠᠮᠠᠭᠠᠯᠠᠯᠲᠠ ᠶᠢᠨ ᠬᠡᠷᠡᠰᠬᠡ ᠶᠢ ᠲᠣᠭᠤᠷᠢᠨ ᠪᠠᠶᠢᠴᠠᠭᠠᠵᠤ᠂ ᠡᠪᠳᠡᠭᠳᠡᠭᠰᠡᠨ ᠬᠡᠷᠡᠰᠬᠡ ᠶᠢᠨ ᠲᠥᠬᠦᠭᠡᠷᠦᠮᠵᠢ ᠶᠢ ᠣᠯᠵᠤ | ᠮᠡᠳᠡᠪᠡᠯ᠂ ᠲᠡᠷᠭᠡᠨ ᠳᠤ ᠠᠪᠴᠤ ᠶᠠᠪᠤᠭ᠎ᠠ ᠪᠠᠭᠠᠵᠢ ᠬᠡᠷᠡᠭᠰᠡᠯ ᠢᠶᠠᠷ | ᠳᠠᠷᠦ᠋ᠢᠬᠠᠨ ᠰᠡᠯᠪᠢᠨ ᠵᠠᠰᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠪᠠ ᠠᠷᠠᠳ ᠤᠯᠠᠨ ᠤ ᠠᠮᠤᠷ | ᠲᠦᠪᠰᠢᠨ ᠠᠶᠤᠯ ᠲᠦᠭᠰᠢᠭᠦᠷᠢ ᠲᠠᠢ ᠦᠶ᠎ᠡ ᠳᠤ ᠡᠪ ᠬᠠᠮᠲᠤ ᠨᠠᠮ ᠤᠨ ᠭᠡᠰᠢᠭᠦᠨ ᠤ ᠠᠷᠠᠳ ᠲᠦᠮᠡᠨ ᠳᠤ | ᠦᠢᠯᠡᠴᠢᠯᠡᠬᠦ ᠠᠮᠠᠯᠠᠯᠲᠠ ᠪᠠᠨ ᠭᠦᠢᠴᠡᠳᠬᠡᠭᠰᠡᠨ ᠪᠠᠶᠢᠨ᠎ᠠ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ᠂ ᠬᠠᠷᠢᠶᠠᠲᠤ ᠣᠷᠣᠨ ᠤ | ᠬᠤᠯᠤᠭᠠᠨ᠎ᠠ ᠶᠢᠨ ᠥᠭᠶᠥᠭᠡ ᠲᠠᠯᠪᠢᠬᠤ ᠴᠡᠭ ᠨᠦᠭᠦᠳ ᠤᠨ ᠬᠤᠯᠤᠭᠠᠨ᠎ᠠ ᠶᠢᠨ ᠡᠮ ᠲᠠᠯᠪᠢᠭᠰᠠᠨ ᠪᠠᠶᠢᠳᠠᠯ ᠢ | ᠲᠣᠭᠤᠷᠢᠨ ᠪᠠᠶᠢᠴᠠᠭᠠᠵᠤ᠂ ᠰᠠᠭᠤᠭᠠᠯᠢ ᠠᠷᠠᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢ ᠰᠠᠶᠢᠳᠣᠷ | ᠤᠬᠠᠭᠤᠯᠵᠤ᠂ ᠬᠤᠯᠤᠭᠠᠨ᠎ᠠ ᠤᠰᠠᠳᠬᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ | ᠬᠤᠶᠠᠷ᠂ ᠲᠣᠣᠷᠴᠢᠯᠠᠭᠰᠠᠨ ᠬᠠᠮᠢᠶᠠᠷᠣᠯᠳᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠣᠯᠠᠨ ᠲᠦᠮᠡᠨ ᠲᠠᠢ ᠣᠶᠢᠷᠠᠲᠤᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠰᠤᠷᠪᠤᠯᠵᠢᠯᠠᠨ ᠪᠠᠶᠢᠴᠠᠭᠠᠵᠤ᠂ ᠣᠯᠠᠨ ᠲᠦᠮᠡᠨ ᠤ ᠰᠡᠳᠬᠢᠯ ᠢ ᠣᠶᠢᠯᠭᠠᠬᠤ ᠬᠦᠮᠦᠨ ᠪᠣᠯᠵᠠᠢ᠃ | ︽ᠨᠢᠭᠡ ᠠᠵᠢᠯ ᠢ ᠬᠢᠪᠡᠯ ᠨᠢᠭᠡ ᠠᠵᠢᠯ ᠢᠶᠠᠨ ᠬᠠᠶᠢᠷᠠᠯᠠᠨ᠎ᠠ︾ ᠭᠡᠳᠡᠭ ᠢᠶᠠᠷ᠂ ᠣᠳᠬᠠᠨᠪᠠᠶᠠᠷ ᠨᠥᠬᠦᠷ ᠲᠣᠰ | ᠤᠳᠠᠭᠠᠨ ᠤ ᠠᠵᠢᠯ ᠤᠨ ᠲᠣᠬᠢᠶᠠᠯ ᠢ ᠣᠨᠴᠠᠭᠠᠢ ᠨᠠᠨᠳᠢᠩᠨᠠᠵᠤ᠂ ᠬᠡᠪ ᠤᠨ ᠶᠣᠰᠣᠭᠠᠷ ᠠᠵᠢᠯᠯᠠᠬᠤ ᠠᠴᠠ ᠭᠠᠳᠠᠨ᠎ᠠ᠂ | ᠪᠠᠶᠠᠷ ᠳᠤᠷᠠᠰᠬᠠᠯ ᠤᠨ ᠠᠮᠠᠷᠠᠯᠲᠠ ᠵᠡᠷᠭᠡ ᠠᠮᠠᠷᠠᠯᠲᠠ ᠶᠢᠨ ᠴᠠᠭ ᠢᠶᠠᠨ ᠬᠦᠢᠴᠡᠳ ᠠᠰᠢᠭᠯᠠᠨ ᠡᠷᠦᠬᠡ ᠪᠠᠷ ᠬᠦᠷᠴᠦ | ᠰᠤᠷᠪᠤᠯᠵᠢᠯᠠᠨ᠂ ᠲᠠᠭᠠᠭᠠᠴᠢᠯᠠᠭᠰᠠᠨ ᠬᠠᠷᠢᠶᠠᠳᠣ ᠣᠷᠣᠨ ᠤ ᠬᠦᠮᠦᠨ ᠠᠮᠠ ᠶᠢᠨ ᠪᠠᠶᠢᠳᠠᠯ ᠢ ᠨᠠᠷᠢᠨ ᠨᠢᠮᠪᠠᠶ ᠳᠡᠩᠰᠡᠯᠡᠨ | ᠲᠡᠮᠳᠡᠭᠯᠡᠵᠦ᠂ ᠰᠠᠭᠤᠭᠠᠯᠢ ᠠᠷᠠᠳ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠪᠡ︔ ᠬᠦᠴᠢᠷᠳᠡᠯ ᠲᠠᠢ ᠰᠠᠭᠤᠭᠠᠯᠢ | ᠠᠷᠠᠳ᠂ ᠣᠨᠴᠠᠭᠠᠶ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠨᠠᠷᠢᠨ ᠲᠣᠳᠣᠷᠬᠠᠶ ᠲᠡᠮᠳᠡᠭᠯᠡᠵᠦ᠂ ᠡᠷᠦᠭᠡ | ᠪᠣᠯᠭᠠᠨ ᠲᠠᠩᠰᠠ ᠡᠪᠬᠡᠮᠡᠯ ᠲᠠᠢ᠂ ᠬᠥᠮᠦᠨ ᠪᠣᠯᠭᠠᠨ ᠨᠠᠷᠢᠨ ᠲᠡᠮᠳᠡᠭᠯᠡᠯ ᠲᠠᠢ ᠪᠠᠶᠢᠬᠤ ᠶᠢ ᠪᠠᠳᠣᠯᠠᠵᠠᠢ᠃ ᠨᠡᠶᠢᠭᠡᠮ ᠤᠨ | ᠬᠦᠭᠵᠢᠯᠳᠡ ᠬᠤᠪᠢᠷᠠᠯᠳᠠ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠢᠳᠡᠪᠬᠢᠲᠡᠶ ᠪᠠᠷ ᠬᠠᠷᠢᠭᠤ ᠥᠭᠴᠦ᠂ | ᠣᠯᠠᠨ ᠲᠦᠮᠡᠨ ᠤ ᠵᠣᠪᠠᠭᠤᠷᠢ ᠵᠦᠳᠡᠭᠦᠷᠢ ᠪᠠ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠪᠰᠤᠷᠤᠨ | ᠰᠢᠢᠳᠪᠦᠷᠢᠯᠡᠵᠣ᠂ ᠣᠯᠠᠨ ᠲᠦᠮᠡᠨ ᠤ ᠢᠲᠡᠭᠡᠯ ᠪᠠ ᠵᠥᠪᠰᠢᠶᠡᠷᠡᠯ ᠢ ᠣᠯᠵᠤ᠂ ᠣᠷᠢᠳ ᠬᠤᠵᠢᠳ ᠣᠯᠠᠨ ᠲᠦᠮᠡᠨ ᠤ | ᠬᠦᠷᠭᠡᠵᠦ ᠢᠷᠡᠭᠰᠡᠨ ᠭᠤᠷᠪᠠᠨ ᠬᠡᠮᠡᠷᠯᠢᠭ ᠲᠤᠭ ᠢ ᠲᠣᠰᠴᠣ᠂ ᠦᠨᠡᠨ ᠬᠦ ᠣᠯᠠᠨ ᠲᠦᠮᠡᠨ ᠤ ᠰᠡᠳᠬᠢᠯ ᠤᠨ ᠬᠥᠮᠦᠨ | ᠪᠣᠯᠤᠭᠰᠠᠨ ᠪᠠᠶᠢᠨ᠎ᠠ᠃ | ᠭᠤᠷᠪᠠ᠂ ᠨᠢᠭᠡᠨ ᠴᠡᠷᠢᠭ ᠠᠴᠠ ᠬᠠᠯᠠᠭᠳᠠᠭᠰᠠᠳ ᠪᠣᠯᠤᠭᠰᠠᠨ ᠤ ᠬᠤᠪᠢ ᠳᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠤᠪᠢᠰᠬᠠᠯᠲᠤ ᠴᠡᠷᠢᠭ ᠤᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠵᠣᠷᠢᠯᠲᠠ ᠪᠠᠨ ᠪᠠᠷᠢᠮᠲᠠᠯᠠᠵᠤ᠂ ᠳᠤᠷᠠᠲᠠᠶ᠎ᠠ ᠨᠡᠶᠢᠭᠡᠮ | ᠲᠣᠭᠤᠷᠢᠭ ᠲᠤ ᠪᠠᠨ ᠦᠨᠳᠦᠰᠦᠯᠡᠭᠰᠡᠨ ᠣᠯᠠᠨ ᠲᠦᠮᠡᠨ ᠤ ᠦᠢᠯᠡᠴᠢᠯᠡᠭᠴᠢ ᠪᠣᠯᠬᠤ ᠪᠠᠷ ᠴᠢᠷᠮᠠᠶᠢᠨ᠎ᠠ᠃ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯ ᠤᠨ ᠲᠠᠯ᠎ᠠ ᠪᠠᠷ᠂ ᠴᠡᠷᠢᠭ ᠠᠴᠠ | ᠬᠠᠯᠠᠭᠳᠠᠨ ᠳᠠᠬᠢᠨ ᠠᠵᠢᠯᠯᠠᠭᠰᠠᠨ ᠬᠢᠷᠢ ᠬᠡᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠩ ᠲᠡᠷᠢᠭᠦᠨ ᠳᠤ | ᠦᠨᠳᠦᠰᠦᠨ ᠪᠠᠶᠢᠳᠠᠯ ᠢ ᠣᠶᠢᠯᠠᠭᠠᠬᠤ᠂ ᠪᠣᠳᠠᠲᠤ ᠪᠠᠶᠢᠳᠠᠯ ᠢ ᠡᠵᠡᠮᠰᠢᠬᠦ᠂ ᠳᠠᠩᠰᠠ ᠡᠪᠬᠡᠮᠡᠯ ᠤᠨ ᠮᠠᠲ᠋ᠧᠷᠢᠶᠠᠯ ᠢ | ᠲᠡᠭᠦᠯᠳᠡᠷᠵᠢᠭᠦᠯᠬᠦ ᠠᠴᠠ ᠭᠠᠷᠳᠠᠵᠤ᠂ ᠴᠡᠷᠢᠭ ᠲᠤ ᠬᠤᠯᠪᠣᠭᠳᠠᠭᠰᠠᠨ ᠰᠠᠭᠤᠭᠠᠯᠢ ᠠᠷᠠᠳ ᠲᠠᠢ ᠨᠢᠭᠡᠳ ᠨᠢᠭᠡ ᠪᠠᠷ | ᠨᠢᠭᠤᠷᠳᠡᠨ ᠶᠠᠷᠢᠯᠴᠠᠵᠣ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠣᠯᠣᠨ ᠠᠰᠠᠭᠤᠳᠠᠯ ᠢ | ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠵᠤ᠂ ᠲᠡᠳᠡᠨ ᠤ ᠬᠦᠴᠢᠷᠳᠡᠯ ᠪᠠ ᠱᠠᠭᠠᠷᠳᠠᠯᠭ᠎ᠠ ᠶᠢ ᠴᠠᠭ ᠲᠤᠬᠠᠢ ᠳᠤᠨᠢ | ᠣᠶᠢᠯᠠᠭᠠᠬᠤ ᠶᠢᠨ ᠵᠡᠷᠭᠡᠪᠡᠷ ᠲᠡᠭᠡᠷ᠎ᠡ ᠱᠠᠳᠣᠨ ᠤ ᠵᠣᠬᠢᠶᠠᠨ ᠪᠠᠶᠢᠭᠤᠯᠣᠯᠳᠠ ᠳᠤ ᠬᠠᠷᠢᠭᠤ ᠲᠤᠰᠬᠠᠵᠤ᠂ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠠᠴᠠ ᠬᠠᠯᠠᠭᠳᠠᠭᠰᠠᠳ ᠢ ᠲᠠᠶᠢᠴᠢᠯᠠᠨ | ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠣ᠂ ︽ᠴᠡᠷᠢᠭ ᠠᠴᠠ ᠬᠠᠯᠠᠭᠳᠠᠭᠰᠠᠨ ᠴᠤ | ᠦᠩᠭᠡ ᠪᠠᠨ ᠠᠯᠳᠠᠬᠤ ᠦᠭᠡᠢ᠂ ᠴᠡᠷᠢᠭ ᠤᠨ ᠬᠥᠮᠦᠨ ᠤ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ︾ ᠰᠠᠶᠢᠨ | ᠰᠠᠶᠢᠬᠠᠨ ᠲᠦᠷᠢ ᠲᠥᠷᠬᠦ ᠶᠢ ᠪᠤᠢ ᠪᠣᠯᠭᠠᠪᠠ᠃ ᠡᠭᠦᠨ ᠤ ᠵᠡᠷᠭᠡᠪᠡᠷ᠂ ᠨᠡᠶᠢᠭᠡᠮ ᠲᠣᠭᠤᠷᠢᠭ ᠤᠨ ᠨᠢᠭᠡᠳᠦᠯᠲᠡᠶ | ᠪᠠᠶᠢᠷᠢᠯᠠᠭᠤᠯᠤᠯᠲᠠ ᠶᠢᠨ ᠶᠣᠰᠣᠭᠠᠷ᠂ ᠴᠡᠷᠢᠭ ᠠᠩᠭᠢ ᠪᠠ ᠰᠠᠭᠤᠭ᠎ᠠ ᠭᠠᠵᠠᠷ ᠢ ᠬᠠᠮᠲᠤ ᠪᠠᠷ ᠪᠠᠶᠢᠭᠤᠯᠬᠤ᠂ | ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠡᠯ᠎ᠡ ᠲᠦᠷᠦᠯ ᠤᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠬᠠᠷᠢᠶ᠎ᠠ ᠣᠷᠣᠨ ᠳᠠᠭᠠᠨ ᠴᠡᠷᠢᠭ ᠤᠨ ᠬᠥᠮᠦᠨ ᠢ ᠡᠷᠬᠢᠮᠯᠡᠬᠦ᠂ ᠴᠡᠷᠢᠭ ᠤᠨ ᠬᠡᠷ ᠪᠦᠯᠢ ᠶᠢ | ᠬᠠᠯᠠᠮᠵᠢᠯᠠᠬᠤ᠂ ᠠᠬᠠᠮᠠᠳ ᠴᠡᠷᠢᠭ ᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠣᠳᠬᠠᠨᠪᠠᠶᠠᠷ ᠤᠨ ᠦᠭᠡ ᠪᠠᠷ ᠬᠡᠯᠡᠪᠡᠯ᠂ ᠴᠡᠷᠢᠭ ᠠᠴᠠ ᠬᠠᠯᠠᠭᠳᠠᠭᠰᠠᠳ ᠤᠨ ᠠᠵᠢᠯ ᠴᠦ ᠲᠡᠷᠡ᠂ | ᠲᠣᠣᠷᠴᠢᠯᠠᠭᠰᠠᠨ ᠬᠠᠮᠢᠶᠠᠷᠣᠯᠳᠠ ᠶᠢᠨ ᠠᠵᠢᠯ ᠴᠦ ᠲᠡᠷᠡ᠂ ᠴᠥᠮ ᠲᠩᠷᠢ ᠭᠠᠵᠠᠷ ᠢ ᠳᠣᠩᠰᠣᠯᠭᠠᠮ᠎ᠠ ᠶᠡᠭᠡ ᠶᠠᠪᠤᠳᠠᠯ | ᠪᠢᠰᠢ᠂ ᠡᠲᠡᠭᠡᠷ ᠦᠢᠯᠡ ᠠᠵᠢᠯᠯᠠᠭ᠎ᠠ ᠨᠢ ᠴᠥᠮ ᠴᠡᠷᠢᠭ ᠤᠨ ᠠᠮᠢᠳᠤᠷᠠᠯ ᠤᠨ ᠨᠥᠯᠥᠭᠡ ᠪᠠ ᠴᠡᠷᠢᠭ ᠬᠥᠮᠦᠨ ᠤ | ᠢᠲᠡᠭᠡᠯ ᠪᠢᠰᠢᠷᠡᠯ ᠠᠴᠠ ᠢᠷᠡᠯᠲᠡ ᠲᠠᠢ ᠶᠤᠮ᠃ ︽ᠠᠷᠠᠳ ᠲᠦᠮᠡᠨ ᠤ ᠠᠰᠢᠭ ᠲᠤᠰᠠ ᠠᠯᠢᠪᠠ ᠠᠴᠠ ᠡᠷᠬᠢᠮ | ᠳᠡᠭᠡᠳᠦ︾ ᠭᠡᠳᠡᠭ ᠦᠭᠡ ᠨᠢ ᠲᠡᠭᠦᠨ ᠤ ᠴᠢᠰᠤᠨ ᠳᠤ ᠠᠯᠢ ᠬᠡᠳᠦ᠋ᠢᠨ ᠰᠢᠩᠭᠡᠭᠰᠡᠨ ᠶᠤᠮ᠂ ᠲᠡᠭᠦᠨ ᠳᠤ ᠠᠪᠴᠤ | ᠬᠡᠯᠡᠪᠡᠯ᠂ ᠴᠡᠷᠢᠭ ᠠᠴᠠ ᠬᠠᠯᠠᠭᠳᠠᠭᠰᠠᠨ ᠨᠢ ᠵᠥᠪᠬᠡᠨ ᠠᠵᠢᠯ ᠤᠨ ᠪᠠᠶᠢᠷᠢ ᠬᠤᠪᠢᠷᠠᠭᠰᠠᠨ ᠲᠡᠳᠦᠶ ᠶᠤᠮ᠂ ᠬᠡᠵᠢᠶᠡᠳᠡ | ᠬᠤᠪᠢᠷᠠᠳᠠᠭ ᠦᠭᠡᠢ ᠨᠢ ᠨᠠᠰᠤᠨ ᠲᠤᠷᠰᠢᠳᠠ ᠪᠠᠨ ︽ᠠᠷᠠᠳ ᠲᠦᠮᠡᠨ ᠳᠤ ᠦᠢᠯᠡᠴᠢᠯᠡᠬᠦ︾ ᠲᠥᠪ ᠴᠢᠩᠭ᠎ᠠ | ᠠᠮᠠᠯᠠᠯᠲᠠ ᠪᠣᠯᠣᠨ᠎ᠠ᠃ | |