ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠭᠦᠨᠵᠡᠭᠡᠢ ᠠᠬᠢᠭᠤᠯᠵᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠦᠨᠡᠨᠬᠦ | ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠠᠰᠢᠭ ᠢ | ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠠᠯᠲᠠᠨᠬᠢᠯᠢ ᠰᠤᠮᠤ | ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠴᠢᠲᠠᠪᠤᠷᠢ ᠮᠦᠷᠤᠶᠢᠴᠠᠨ ᠤᠲᠤᠨ ᠲᠠᠰ ᠰᠢᠯᠭᠠᠷᠠᠭᠤᠯᠬᠤ︾ ᠬᠦᠲᠠᠯᠬᠡᠬᠡᠨ | ᠥᠷᠨᠢᠭᠦᠯᠵᠦ᠂ ᠰᠤᠮᠤᠨ ᠤ ᠤᠳᠤᠷᠢᠳᠬᠤ ᠪᠠᠭ ᠤᠨ ᠭᠡᠰᠢᠭᠦᠨ᠂ ᠪᠥᠬᠦ ᠺᠠᠳ᠋ᠷ ᠠᠵᠢᠯᠲᠠᠨ ᠠᠵᠢᠯᠴᠢᠨ᠂ ᠭᠠᠴᠠᠭ᠎ᠠ | ᠲᠤᠮᠢᠯᠠᠭᠰᠠᠨ ᠨᠢᠭᠡᠳᠦᠭᠡᠷ ᠱᠦᠵᠢ᠂ 4 ᠭᠠᠴᠠᠭᠠᠨ ᠤ ᠨᠠᠮ ᠤᠨ ᠡᠭᠦᠷ ᠤᠨ ᠱᠦᠵᠢ ᠲᠤᠰ ᠤᠳᠠᠭᠠᠨ ᠤ | ᠬᠦᠲᠠᠯᠬᠡᠬᠡᠨ ᠳᠤ ᠣᠷᠣᠯᠴᠠᠵᠠᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠴᠢᠲᠠᠪᠤᠷᠢ ᠮᠦᠷᠤᠶᠢᠴᠠᠨ ᠤᠲᠤᠨ ᠲᠠᠰ ᠰᠢᠯᠭᠠᠷᠠᠭᠤᠯᠬᠤ︾ ᠭᠤᠣᠯᠳᠠᠯᠭ᠎ᠠ ᠲᠠᠢ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ︽ᠴᠢᠲᠠᠪᠤᠷᠢ ᠮᠦᠷᠤᠶᠢᠴᠠᠨ | ᠤᠲᠤᠨ ᠲᠠᠰ ᠰᠢᠯᠭᠠᠷᠠᠭᠤᠯᠬᠤ︾ ᠠᠵᠢᠯ ᠢ ᠲᠤᠰᠬᠠᠢ ᠰᠡᠳᠦᠪ ᠢᠶᠠᠷ ᠲᠣᠬᠢᠷᠠᠭᠤᠯᠤᠨ ᠪᠠᠶᠢᠷᠢᠯᠠᠭᠤᠯᠵᠤ᠂ | ᠤᠳᠤᠷᠢᠳᠬᠤ ᠳᠤᠭᠤᠶᠢᠯᠠᠩ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠬᠤᠪᠢ ᠲᠣᠭᠲᠠᠭᠠᠬᠤ ᠳᠤᠭᠤᠶᠢᠯᠠᠩ | ᠂ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠵᠦ ᠬᠤᠪᠢ ᠲᠣᠭᠲᠠᠭᠠᠬᠤ ᠳᠤᠭᠤᠶᠢᠯᠠᠩ ᠪᠠᠶᠢᠭᠤᠯᠵᠤ᠂ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠴᠢᠲᠠᠪᠤᠷᠢ ᠮᠦᠷᠤᠶᠢᠴᠠᠨ ᠤᠲᠤᠨ ᠲᠠᠰ ᠰᠢᠯᠭᠠᠷᠠᠭᠤᠯᠬᠤ︾ ᠲᠥᠰᠥᠯ ᠢ ᠲᠠᠷᠤᠮᠯᠠᠨ ᠲᠠᠷᠬᠠᠭᠠᠵᠤ᠂ | ᠴᠢᠲᠠᠪᠤᠷᠢ ᠮᠥᠷᠥᠶᠢᠴᠡᠬᠦ ᠡᠲᠡᠭᠡᠳ᠂ ᠮᠥᠷᠥᠶᠢᠴᠡᠬᠦ ᠠᠭᠤᠯᠭ᠎ᠠ᠂ ᠮᠥᠷᠥᠶᠢᠴᠡᠬᠦ ᠪᠠᠷᠢᠮᠵᠢᠶ᠎ᠠ ᠶᠢ ᠲᠣᠳᠣᠷᠬᠠᠶᠢᠯᠠᠨ᠂ ︽ | ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ︾ | ᠠᠷᠭ᠎ᠠ ᠮᠠᠶ᠋ᠢᠭ ᠢᠶᠠᠷ ᠥᠷᠨᠢᠭᠦᠯᠵᠦ᠂ 4᠄ 6 ᠬᠤᠪᠢ ᠶᠢᠨ ᠬᠠᠷᠢᠴᠠᠯ ᠢᠶᠠᠷ ᠬᠤᠪᠢ ᠪᠤᠲᠤᠵᠤ᠂ ᠡᠮᠤᠨᠡᠬᠢ | ᠬᠤᠭᠤᠴᠠᠭᠠᠨ ᠳᠠᠬᠢ ᠡᠯ᠎ᠡ ᠲᠦᠷᠤᠯ ᠤᠨ ᠵᠠᠩᠭᠢᠯᠠᠭ᠎ᠠ ᠶᠢᠨ ᠠᠵᠢᠯ ᠢ ᠭᠦᠢᠴᠡᠳ ᠨᠠᠶᠢᠲᠠᠪᠤᠷᠢᠵᠢᠭᠤᠯᠪᠠ᠃ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠳᠤ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠢᠶᠠᠷ | ᠪᠦᠷᠢᠯᠳᠦᠭᠦᠨ ᠪᠣᠯᠭᠠᠵᠤ᠂ ᠲᠣᠭᠤᠷᠢᠨ ᠦᠵᠡᠬᠦ ᠪᠦᠯᠬᠦᠮ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠵᠤ ᠬᠤᠪᠢ ᠲᠣᠭᠲᠠᠭᠠᠵᠤ᠂ ︽ᠦᠵᠡᠬᠦ᠂ ᠰᠣᠨᠣᠰᠬᠤ᠂ ᠦᠨᠡᠯᠡᠬᠦ︾ ᠪᠠᠷ ᠳᠠᠮᠵᠢᠭᠤᠯᠤᠨ᠂ ᠠᠵᠢᠯ ᠤᠨ | ᠳᠤᠮᠳᠠᠬᠢ ᠣᠨᠴᠠᠯᠢᠭᠲᠤ ᠠᠷᠭ᠎ᠠ ᠬᠢᠳᠡᠯ᠂ ᠦᠷ᠎ᠡ ᠪᠦᠲᠦᠭᠡᠯ ᠦᠷ᠎ᠡ ᠪᠦᠲᠦᠮᠵᠢ ᠵᠡᠷᠭᠡ ᠪᠠᠶᠢᠳᠠᠯ ᠢ ᠭᠤᠣᠯᠳᠠᠯᠭ᠎ᠠ ᠲᠠᠢ | ᠦᠢᠯᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠠᠰᠠᠭᠤᠵᠤ ᠯᠠᠪᠯᠠᠬᠤ ᠶᠢᠨ ᠬᠠᠮᠲᠤ ᠡᠯ᠎ᠡ ᠭᠠᠴᠠᠭᠠᠨ ᠤ | ᠠᠵᠢᠯ ᠤᠨ ᠪᠣᠳᠠᠲᠤ ᠠᠮᠵᠢᠯᠲᠠ ᠶᠢ ᠢᠯᠡ ᠪᠥᠭᠡᠳ ᠭᠤᠥᠯᠴᠢ ᠪᠠᠷ ᠦᠨᠡᠯᠡᠪᠠ᠃ | ᠠᠬᠤᠢ ᠲᠠᠯᠠᠪᠡᠢ ᠳᠤ ᠬᠢ ᠲᠤᠰᠢᠶᠠᠯ ᠮᠡᠳᠡᠭᠦᠯᠦᠯᠲᠡ ᠨᠢ ︽PPT ᠦᠵᠡᠭᠦᠯᠦᠯᠭᠡ + ᠲᠤᠰᠢᠶᠠᠯ ᠤᠨ | ᠮᠡᠳᠡᠭᠦᠯᠦᠯᠲᠡ ᠬᠢᠬᠦ︾ ᠠᠷᠭ᠎ᠠ ᠮᠠᠶ᠋ᠢᠭ ᠪᠠᠷ ᠭᠠᠴᠠᠭᠠᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ | ᠬᠥᠭᠵᠢᠯᠲᠡ᠂ ᠭᠠᠴᠠᠭᠠᠨ ᠤ ᠪᠦᠲᠦᠭᠡᠨ ᠪᠠᠶᠢᠭᠤᠯᠤᠯᠲᠠ᠂ ᠭᠠᠴᠠᠭᠠᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ | ᠤᠨ ᠲᠣᠭᠤᠷᠢᠨ ᠳᠤ ᠬᠠᠮᠲᠤ ᠪᠠᠷ ᠮᠥᠷᠥᠶᠢᠴᠡᠵᠦ᠂ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠤᠨ ᠬᠢᠨ | ᠲᠤᠬᠠᠢ ᠶᠢᠨ ᠲᠠᠯᠠᠪᠤᠷ ᠲᠤ ᠬᠤᠪᠢ ᠥᠭᠬᠦ᠂ ᠲᠤᠬᠠᠢ ᠶᠢᠨ ᠲᠠᠯᠠᠪᠤᠷ ᠲᠤ ᠬᠢᠷᠢ ᠪᠦᠲᠦᠮᠵᠢ ᠪᠠᠨ ᠨᠡᠶᠢᠲᠡᠯᠡᠬᠦ ᠪᠠᠷ | ᠳᠡᠮᠵᠢᠨ ᠲᠣᠰ ᠤᠳᠠᠭᠠᠨ ᠤ ᠭᠦᠲᠠᠯᠬᠡᠬᠡᠨ ᠳᠤ ᠪᠠᠳᠠᠷᠠᠬᠤ ᠭᠠᠴᠠᠭ᠎ᠠ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ | ᠪᠦᠯᠢᠶᠡᠨ ᠭᠠᠴᠠᠭ᠎ᠠ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠪᠠᠶᠠᠨᠬᠠᠩᠭᠠᠢ ᠭᠠᠴᠠᠭ᠎ᠠ᠂ ᠠᠯᠲᠠᠨᠬᠢᠯᠢ | ᠭᠠᠴᠠᠭ᠎ᠠ ᠨᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ | |