ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠭᠡᠯ ᠢ ᠪᠦᠲᠦᠮᠵᠢᠲᠡᠶ ᠪᠠᠷ | ᠪᠠᠬᠢᠵᠢᠭᠦᠯᠦᠨ ᠲᠡᠭᠡᠭᠰᠢᠯᠡᠬᠦᠯᠵᠦ᠂ ᠬᠢᠯᠢ ᠬᠢᠵᠠᠭᠠᠷ ᠤᠷᠤᠨ ᠤ ᠮᠠᠯᠵᠢᠬᠤ ᠡᠷᠦᠬᠡ ᠶᠢᠨ ᠭᠠᠵᠢᠭᠤ ᠨᠤᠮᠯᠠᠯ ᠢ | ᠡᠰᠡᠷᠭᠦᠴᠡᠬᠦ ᠤᠬᠠᠮᠰᠠᠷ ᠪᠠ ᠭᠠᠵᠢᠭᠤ ᠨᠣᠮᠯᠠᠯ ᠤᠨ ᠨᠡᠷᠪᠡᠯᠲᠡ ᠶᠢ ᠤᠬᠠᠮᠰᠠᠷ ᠠᠴᠠ ᠪᠠᠨ ᠡᠰᠡᠷᠭᠦᠴᠡᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠬᠢᠵᠠᠭᠠᠷ ᠰᠤᠮᠤᠨ ᠤ ᠭᠠᠵᠢᠭᠤ ᠨᠣᠮᠯᠠᠯ ᠢ ᠡᠰᠡᠷᠬᠦᠴᠡᠬᠦ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠬᠦ ᠶᠢᠨ ᠲᠦᠯᠤᠭᠡ᠂ ᠣᠶᠢᠷ᠎ᠠ ᠳᠤ᠂ ᠵᠡᠭᠦᠨ ᠦᠵᠦᠮᠦᠴᠢᠨ | ᠬᠤᠰᠢᠭᠤᠨ ᠤ ᠠᠯᠳᠠᠨᠬᠢᠯᠢ ᠰᠤᠮᠤᠨ ᠤ ᠬᠠᠤᠯᠢ ᠴᠠᠭᠠᠵᠠ ᠶᠢᠨ ᠰᠠᠯᠪᠤᠷᠢ᠂ ᠬᠢᠯᠢ ᠶᠢᠨ ᠲᠣᠮᠢᠯᠠᠭᠰᠠᠨ ᠰᠠᠯᠪᠤᠷᠢ ᠨᠢ | ᠰᠤᠮᠤᠨ ᠤ ︽ᠬᠡᠪᠰᠢᠮᠡᠯ ᠵᠠᠩ ᠳᠠᠳᠬᠠᠯ ᠢ ᠦᠭᠡᠷᠡᠴᠢᠯᠡᠬᠦ ᠪᠠᠷ ᠠᠷᠠᠳ ᠤᠨ ᠰᠡᠳᠬᠢᠯ ᠢ ᠤᠮᠳᠠᠯᠠᠵᠤ᠂ ᠪᠣᠯᠪᠠᠰᠤᠨ | ᠬᠡᠪ ᠰᠤᠷᠲᠠᠯ ᠢᠶᠠᠷ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠡ︾ ᠪᠥᠬᠦ ᠠᠷᠠᠳ ᠤᠨ | ᠪᠡᠶ᠎ᠡ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠬᠤᠯᠪᠤᠭᠠᠯᠠᠨ ᠬᠥᠳᠡᠯᠦᠯᠴᠡᠵᠦ ᠭᠠᠵᠢᠭᠤ ᠨᠣᠮᠯᠠᠯ ᠢ | ᠡᠰᠡᠷᠬᠦᠴᠡᠨ ᠰᠡᠷᠡᠮᠵᠢᠯᠡᠬᠦ ᠬᠥᠮᠦᠵᠢᠯ ᠢ ᠬᠢᠯᠢ ᠶᠢᠨ ᠪᠣᠭᠤᠮᠲᠠ ᠳᠤ ᠣᠷᠣᠭᠤᠯᠵᠤ᠂ ᠬᠠᠤᠯᠢ ᠴᠠᠭᠠᠵᠠ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠠᠵᠢᠭᠤ ᠨᠣᠮᠯᠠᠯ ᠢ ᠡᠰᠡᠷᠬᠦᠴᠡᠨ | ᠰᠡᠷᠡᠮᠵᠢᠯᠡᠬᠦ ᠤᠬᠠᠭᠤᠯᠭ᠎ᠠ ᠶᠢᠨ ᠭᠦᠨᠵᠡᠭᠡᠶᠢᠷᠡᠨ ᠪᠤᠲᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠬᠢᠯᠢ ᠶᠢᠨ ᠰᠤᠮᠤᠨ ᠤ ᠠᠵᠤ ᠠᠬᠤᠢ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠬᠠᠮᠠᠭᠠᠯᠠᠪᠡ᠃ | ᠠᠵᠢᠯᠯᠠᠭ᠎ᠠ ᠶᠢᠨ ᠠᠬᠤᠢ ᠲᠠᠯᠠᠪᠠᠶ ᠳᠤ᠂ ᠺᠠᠳ᠋ᠷ ᠴᠠᠭᠳᠠᠭ᠎ᠠ ᠨᠠᠷ ᠤᠬᠠᠭᠤᠯᠭ᠎ᠠ ᠶᠢᠨ ᠳᠡᠪᠲᠡᠷ ︵ᠪᠤᠳᠠᠰ︶ | ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠭ᠎ᠠ ᠶᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠬᠢᠯᠪᠠᠷ | ᠣᠶᠢᠯᠠᠭᠠᠮᠵᠢᠲᠠᠢ ᠦᠭᠡ ᠬᠡᠯᠡ ᠪᠠᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠮᠠᠯᠴᠢᠳ ᠲᠤ ᠭᠠᠵᠢᠭᠤ ᠨᠣᠮᠯᠠᠯ ᠤᠨ | ᠵᠣᠬᠢᠶᠠᠨ ᠪᠠᠶᠢᠭᠤᠯᠤᠯᠲᠠ ᠶᠢᠨ ᠦᠨᠳᠦᠰᠦᠨ ᠣᠨᠴᠠᠯᠢᠭ ᠰᠢᠨᠵᠢ᠂ ᠬᠤᠣᠷ ᠬᠥᠨᠥᠭᠡᠯ᠂ ᠱᠠᠰᠢᠨ ᠰᠤᠷᠲᠠᠬᠤᠨ ᠬᠢᠭᠡᠳ | ᠭᠠᠵᠢᠭᠤ ᠨᠣᠮᠯᠠᠯ ᠤᠨ ᠠᠳᠠᠯᠢ ᠪᠤᠰᠤ ᠵᠢᠴᠢ ᠭᠠᠵᠢᠭᠤ ᠨᠣᠮᠯᠠᠯ ᠢ ᠬᠡᠷᠬᠢᠨ ᠢᠯᠭᠠᠨ ᠲᠠᠨᠢᠬᠤ ᠪᠠ ᠰᠡᠷᠭᠡᠶᠢᠯᠡᠬᠦ | ᠵᠡᠷᠭᠡ ᠶᠢ ᠲᠠᠶᠢᠯᠪᠤᠷᠢᠯᠡᠨ ᠦᠭᠴᠤ᠂ ᠥᠷᠭᠡᠨ ᠤᠯᠠᠨ ᠲᠦᠮᠡᠨ ᠳᠤ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠶᠢᠨ ᠬᠤᠪᠢ ᠬᠥᠮᠥᠨ᠂ ᠭᠡᠷ ᠪᠦᠯᠢ᠂ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠢ ᠤᠯᠠᠮ | ᠨᠢᠭᠡ ᠠᠯᠬᠤᠮ ᠲᠠᠨᠢᠭᠤᠯᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠭᠠᠵᠢᠭᠤ ᠨᠣᠮᠯᠠᠯ ᠤᠨ ᠮᠥᠨ | ᠴᠢᠨᠠᠷ ᠢ ᠲᠣᠳᠣᠷᠬᠠᠢ ᠲᠠᠨᠢᠭᠤᠯᠵᠤ᠂ ᠭᠠᠵᠢᠭᠤ ᠨᠣᠮᠯᠠᠯ ᠢ ᠰᠡᠷᠭᠡᠶᠢᠯᠡᠨ ᠬᠤᠷᠢᠭᠯᠠᠬᠤ ᠠᠷᠭ᠎ᠠ ᠶᠢ ᠵᠥᠪ ᠢᠶᠠᠷ | ᠡᠵᠡᠮᠰᠢᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠨ᠂ ᠭᠠᠵᠢᠭᠤ ᠨᠣᠮᠯᠠᠯ ᠠᠴᠠ ᠵᠠᠶᠢᠳᠠᠵᠤ᠂ ᠭᠠᠵᠢᠭᠤ ᠨᠣᠮᠯᠠᠯ ᠤᠨ | ᠦᠭᠡ ᠶᠠᠷᠢᠶ᠎ᠠ ᠶᠢ ︽ᠰᠣᠨᠣᠰᠬᠤ ᠦᠭᠡᠢ᠂ ᠦᠵᠡᠬᠦ ᠦᠭᠡᠢ᠂ ᠤᠯᠠᠮᠵᠢᠯᠠᠬᠤ ᠦᠭᠡᠢ︾ ᠪᠠᠶᠢᠵᠤ᠂ ᠭᠠᠵᠢᠭᠤ | ᠨᠣᠮᠯᠠᠯ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠬᠤ ᠶᠢᠨ | ᠬᠠᠮᠲᠤ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠤᠷᠢᠶᠠᠯᠠᠪᠠ᠃ | ᠤᠬᠠᠭᠤᠯᠭ᠎ᠠ ᠪᠠᠷ ᠲᠠᠮᠵᠢᠨ᠂ ᠬᠠᠷᠢᠶᠠᠲᠤ ᠣᠷᠣᠨ ᠤ ᠣᠯᠠᠨ ᠲᠦᠮᠡᠨ ᠤ ᠭᠠᠵᠢᠭᠤ ᠨᠤᠮᠯᠠᠯ ᠢ ᠲᠠᠨᠢᠬᠤ᠂ | ᠭᠠᠵᠢᠭᠤ ᠨᠤᠮᠯᠠᠯ ᠢ ᠰᠡᠷᠭᠡᠶᠢᠯᠡᠬᠦ᠂ ᠭᠠᠵᠢᠭᠤ ᠨᠤᠮᠯᠠᠯ ᠢ ᠲᠡᠪᠴᠢᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ︽ᠲᠥᠪ ᠶᠣᠰᠣ ᠶᠢ ᠲᠡᠳᠬᠦᠨ᠂ ᠭᠠᠵᠢᠭᠤ ᠨᠤᠮᠯᠠᠯ ᠢ ᠠᠷᠢᠯᠭᠠᠵᠤ᠂ ᠲᠥᠪ ᠰᠤᠷᠲᠠᠯ ᠢ | ᠪᠠᠳᠠᠷᠠᠭᠤᠯᠬᠤ︾ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ | ᠠᠯᠬᠤᠮ ᠳᠤ᠂ ᠠᠯᠳᠠᠨᠬᠢᠯᠢ ᠰᠤᠮᠤᠨ ᠤ ᠬᠠᠤᠯᠢ ᠴᠠᠭᠠᠵᠠ ᠶᠢᠨ ᠰᠠᠯᠪᠤᠷᠢ ᠪᠣᠯᠣᠨ ᠬᠢᠯᠢ ᠶᠢᠨ ᠲᠣᠮᠢᠯᠠᠭᠰᠠᠨ ᠰᠠᠯᠪᠤᠷᠢ | ᠨᠢ ᠰᠢ ᠶᠢᠨ ᠫᠢᠩ ᠶᠡᠷᠦᠩᠬᠡᠢ ᠱᠦᠵᠢ ᠶᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠤᠬᠠᠢ ᠰᠢᠷᠢᠰ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠤᠶᠠᠷ ᠰᠠᠯᠪᠤᠷᠢ︾ ᠤᠨ ᠬᠤᠯᠪᠤᠭᠠᠯᠠᠨ | ᠬᠥᠳᠡᠯᠦᠯᠴᠡᠵᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ | ᠭᠠᠵᠢᠭᠤ ᠨᠣᠮᠯᠠᠯ ᠢ ᠡᠰᠡᠷᠬᠦᠴᠡᠨ ᠰᠡᠷᠡᠮᠵᠢᠯᠡᠬᠦ ᠬᠥᠮᠦᠵᠢᠯ ᠢ ᠬᠢᠯᠢ ᠶᠢᠨ ᠪᠣᠭᠤᠮᠲᠠ ᠳᠤ ᠣᠷᠣᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠪᠠ | ᠮᠡᠳᠡᠬᠦ ᠨᠣᠷᠮ᠎ᠠ ᠶᠢ ᠥᠷᠭᠡᠳᠬᠡᠨ᠂ ᠠᠷᠠᠳ ᠣᠯᠠᠨ ᠤ ᠭᠠᠵᠢᠭᠤ ᠨᠣᠮᠯᠠᠯ ᠤᠨ ᠬᠠᠯᠳᠠᠯᠭ᠎ᠠ ᠶᠢ ᠰᠡᠷᠭᠡᠶᠢᠯᠡᠨ | ᠬᠤᠷᠢᠭᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠪᠠ ᠬᠠᠤᠯᠢ ᠪᠤᠰᠤ ᠱᠠᠰᠢᠨ ᠰᠤᠷᠲᠠᠬᠤᠨ ᠤ ᠬᠢᠯᠢ ᠬᠢᠵᠠᠭᠠᠷ ᠣᠷᠣᠨ ᠳᠠᠬᠢ ᠬᠥᠭᠵᠢᠯᠲᠡ ᠶᠢᠨ | ᠨᠡᠪᠴᠢᠯᠲᠡ ᠶᠢ ᠪᠦᠲᠦᠮᠵᠢᠲᠡᠶ ᠬᠤᠷᠢᠭᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ | ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ | |