ᠠᠯᠲᠠᠨᠬᠢᠯᠢ ᠰᠤᠮᠤ ᠨᠠᠮᠤᠷ ᠤᠨ ᠤᠯᠠᠷᠢᠯ ᠤᠨ ᠭᠤᠣᠯᠳᠠᠯᠭᠠᠲᠦ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2023/9/20
      ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠭᠤᠣᠯᠳᠠᠯᠭᠠᠲᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠠᠯᠲᠠᠨᠬᠢᠯᠢ ᠰᠣᠮᠣ  ᠨᠢ ᠨᠠᠮᠤᠷ ᠤᠨ ᠤᠯᠠᠷᠢᠯ ᠤᠨ ᠭᠤᠣᠯᠳᠠᠯᠭᠠᠲᠦ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠬᠤᠶᠠᠷ ᠵᠥᠪᠯᠡᠯ᠂ ᠭᠠᠴᠠᠭ᠎ᠠ ᠲᠤᠮᠢᠯᠠᠭᠰᠠᠨ  ᠨᠢᠭᠡᠳᠦᠭᠡᠷ ᠱᠦᠵᠢ ᠵᠢᠴᠢ ᠰᠣᠮᠣᠨ ᠤ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃      ᠬᠤᠷᠠᠯ ᠳᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠠᠯᠲᠠ᠂ ᠦᠵᠡᠯ ᠤᠬᠠᠮᠰᠠᠷ ᠤᠨ ᠬᠡᠯᠪᠡᠷᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ᠂ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠨᠥᠭᠡᠴᠡᠯᠡᠬᠦ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠪᠠᠲᠤᠯᠠᠭ᠎ᠠ ᠵᠡᠷᠭᠡ ᠭᠤᠣᠯᠳᠠᠯᠭᠠᠲᠦ ᠠᠵᠢᠯ ᠤᠨ ᠲᠣᠭᠤᠷᠢᠨ ᠳᠤ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠭᠦᠢᠴᠡᠳ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ  ᠨᠠᠶᠢᠳᠠᠪᠦᠷᠢᠵᠢᠭᠤᠯᠵᠦ᠂ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠠᠳᠬᠤᠨ᠂ ︽ᠭᠤᠷᠪᠠᠨ ᠬᠤᠷᠠᠯ ᠨᠢᠭᠡ ᠬᠢᠴᠢᠶᠡᠯ︾  ᠤᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠦᠨ᠂ ᠭᠤᠣᠯ ᠰᠡᠳᠦᠪᠲᠦ ᠨᠠᠮ ᠤᠨ ᠡᠳᠦᠷ ᠤᠨ ᠬᠦᠳᠡᠯᠭᠡᠭᠡᠨ ᠶᠢ ᠴᠠᠭ ᠲᠤᠬᠠᠢ ᠳᠤᠨᠢ ᠥᠷᠨᠢᠭᠦᠯᠦᠨ᠎ᠡ᠃ ᠬᠤᠶᠠᠷ ᠲᠤ᠂ ᠣᠬᠠᠭᠤᠯᠣᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ ᠳᠦᠷᠢᠮ ᠶᠢ ᠴᠢᠩᠭ᠎ᠠ ᠬᠡᠷᠡᠭᠵᠢᠭᠦᠯᠵᠦ᠂ ᠮᠠᠯ ᠤᠨ ᠭᠠᠷᠭᠠᠯᠲᠠ ᠶᠢᠨ ᠠᠰᠢᠭᠲᠠᠢ ᠴᠠᠭ ᠲᠣᠬᠢᠶᠠᠯ᢭ᠢ ᠠᠮᠵᠢᠨ᠂ ᠮᠠᠯ ᠤᠨ ᠭᠠᠷᠭᠠᠯᠲᠠ ᠶᠢᠨ ᠠᠵᠢᠯ ᠤᠨ ᠠᠬᠢᠴᠠ ᠶᠢ ᠲᠦᠷᠭᠡᠳᠬᠡᠨ᠂ ᠮᠠᠯ  ᠤᠨ ᠭᠠᠷᠭᠠᠯᠲᠠ ᠶᠢᠨ ᠡᠭᠦᠷᠭᠡ ᠲᠤᠭ᠎ᠠ ᠪᠠᠨ ᠪᠡᠶᠡᠯᠡᠭᠦᠯᠬᠦ ᠶᠢ ᠪᠠᠲᠣᠯᠠᠬᠤ ᠶᠢᠨ ᠬᠠᠮᠲᠤ ᠮᠠᠯᠴᠢᠳ ᠶᠢ  ᠣᠬᠠᠭᠤᠯᠣᠨ ᠵᠢᠯᠤᠭᠤᠳᠴᠤ ᠡᠪᠡᠰᠦ ᠪᠣᠷᠳᠤᠭ᠎ᠠ ᠪᠠᠨ ᠭᠦᠢᠴᠡᠳ ᠨᠥᠭᠡᠴᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠳᠠᠷᠤᠯᠲᠠ ᠶᠢ ᠬᠦᠩᠭᠡᠷᠡᠭᠦᠯᠦᠨ᠎ᠡ᠃ ᠭᠤᠷᠪᠠ ᠳᠤ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠦᠬᠡ ᠳᠤ ᠬᠦᠷᠴᠦ ᠣᠬᠠᠭᠤᠯᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠳᠤ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠩᠬᠠᠷᠬᠤ ᠵᠦᠢᠯᠡᠰ ᠢ ᠴᠠᠭ ᠲᠤᠬᠠᠢ ᠳᠤᠨᠢ ᠮᠡᠳᠡᠭᠳᠡᠵᠦ᠂ ᠮᠠᠯᠴᠢᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ᠂ ᠭᠠᠯ ᠰᠡᠷᠭᠡᠶᠢᠯᠡᠬᠦ ᠬᠤᠭᠤᠴᠠᠭᠠᠨ ᠤ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠰᠤᠮᠤᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠣᠭᠲᠠᠭᠤᠨ ᠪᠠᠶᠢᠳᠠᠯ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠨᠡᠶᠢᠭᠡᠮ ᠤᠨ ᠪᠠᠲᠣᠯᠭᠠᠲᠦ ᠠᠵᠢᠯ ᠢ ᠰᠠᠶᠢᠲᠤᠷ ᠬᠢᠨ᠎ᠡ᠃ ᠨᠠᠰᠤᠵᠢᠯ ᠤᠨ ᠳᠠᠭᠠᠳᠬᠠᠯ᠂  ᠬᠤᠷᠰᠢᠭᠰᠠᠨ ᠡᠮᠴᠢᠯᠡᠭᠡᠨ ᠤ ᠳᠠᠭᠠᠳᠬᠠᠯ ᠲᠤᠰᠢᠶᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠲᠠᠪᠤᠷᠢᠯᠠᠨ ᠲᠤᠰᠢᠶᠠᠬᠤ ᠬᠥᠳᠡᠯᠦᠩᠭᠦᠢ ᠬᠠᠮᠢᠶᠠᠷᠤᠯᠲᠠ ᠶᠢ ᠰᠠᠶᠢᠲᠤᠷ ᠬᠢᠵᠦ᠂ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠠᠳᠬᠤᠵᠤ᠂ ᠮᠠᠯᠴᠢᠨ ᠲᠦᠮᠡᠨ ᠢ ᠢᠳᠡᠪᠬᠢᠲᠡᠢ ᠪᠠᠷ ᠤᠬᠠᠭᠤᠯᠤᠨ ᠳᠠᠶᠢᠴᠢᠯᠠᠵᠤ᠂ ᠮᠠᠯᠴᠢᠨ ᠲᠦᠮᠡᠨ ᠤ ᠸᠢᠴᠠᠲ ᠵᠡᠷᠭᠡ ᠳᠠᠪᠴᠡᠩ ᠳᠡᠭᠡᠷ᠎ᠡ ᠥᠪᠡᠰᠦᠪᠡᠨ ᠰᠦᠢᠳᠬᠡᠯ ᠲᠤᠰᠢᠶᠠᠬᠤ ᠶᠢ ᠵᠣᠷᠢᠭᠵᠢᠭᠤᠯᠤᠨ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠲᠤᠰᠢᠶᠠᠬᠤ ᠶᠣᠰᠣᠲᠠᠢ ᠶᠢ  ᠨᠢ ᠪᠦᠬᠦᠨ ᠢ ᠲᠤᠰᠢᠶᠠᠬᠤ ᠶᠢ ᠪᠡᠶᠡᠯᠡᠭᠦᠯᠦᠨ᠎ᠡ᠃ ᠲᠠᠪᠤ ᠳᠤ᠂ ᠦᠵᠦᠮᠦᠴᠢᠨ ᠬᠤᠨᠢᠨ ᠤ ᠭᠠᠷ ᠬᠡᠭᠡᠯᠲᠦᠭᠦᠯᠭᠡ ᠶᠢᠨ ᠠᠵᠢᠯ ᠢ ᠦᠷᠭᠦᠯᠵᠢᠯᠡᠨ ᠠᠬᠢᠭᠤᠯᠤᠨ᠎ᠠ᠃ ᠦᠵᠦᠮᠦᠴᠢᠨ ᠬᠤᠨᠢᠨ ᠤ ᠡᠭᠦᠯᠳᠡᠷ ᠶᠢ ᠰᠠᠶᠢᠵᠢᠷᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠰᠦᠷᠦᠭ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠂ ᠦᠵᠦᠮᠦᠴᠢᠨ ᠬᠤᠨᠢᠨ ᠤ ᠰᠠᠶᠢᠨ ᠡᠭᠦᠯᠳᠡᠷ ᠤᠨ ᠨᠤᠷᠮ᠎ᠠ ᠢ ᠳᠡᠭᠡᠭᠰᠢᠯᠡᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠡᠭᠦᠨ ᠤ ᠬᠠᠮᠲᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠠᠭᠠᠭᠠᠴᠢᠯᠠᠭᠰᠠᠨ ᠭᠤᠷᠪᠠᠳᠠᠭᠢ ᠡᠲᠡᠬᠡᠳ ᠺᠣᠮᠫᠠᠨᠢ ᠶᠢᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ ᠡᠷᠴᠢᠮ ᠪᠠᠨ ᠴᠢᠩᠭᠠᠷᠠᠭᠤᠯᠣᠨ᠂ ᠪᠥᠬᠦ ᠰᠤᠮᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠪᠠ᠃      ᠬᠤᠷᠠᠯ ᠤᠨ ᠳᠠᠷᠠᠭ᠎ᠠ᠂ ᠰᠣᠮᠣᠨ ᠤ ᠵᠠᠰᠠᠭ ᠤᠨ ᠣᠷᠳᠣᠨ ᠠᠴᠠ ᠡᠯ᠎ᠡ ᠭᠠᠴᠠᠭ᠎ᠠ ᠯᠤᠭ᠎ᠠ ᠨᠠᠮᠣᠷ ᠤᠨ ᠭᠤᠣᠯᠳᠠᠯᠭᠠᠲᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠢ ᠲᠣᠭᠲᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号