9 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ | ᠭᠤᠤᠯᠯᠠᠬᠤ ᠳᠤᠭᠤᠶᠢᠯᠠᠩ 2023 ᠣᠨ ᠤ ᠠᠷᠪᠠᠳᠣᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠵᠢᠴᠢ ᠬᠤᠶᠠᠳᠤᠭᠠᠷ ᠪᠦᠯᠦᠭ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠭᠤᠣᠯ ᠰᠡᠳᠦᠪᠲᠦ ᠰᠣᠷᠭᠠᠨ | ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ᠃ | ᠬᠤᠰᠢᠭᠤ ᠨᠠᠮ ᠤᠨᠬᠤᠷᠢᠶᠠᠨ ᠤ ᠱᠦᠵᠢ ᠬᠢᠩᠭᠠᠨ ᠬᠤᠷᠠᠯ ᠢ ᠡᠷᠬᠢᠯᠡᠵᠡᠢ᠃ | ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ | ᠪᠦᠷᠢᠯᠳᠦᠬᠦᠨ ᠬᠤᠷᠠᠯ ᠳᠤ ᠣᠷᠣᠯᠴᠠᠪᠠ ᠃ | ᠬᠤᠷᠠᠯ ᠠᠴᠠ ︿︿ᠰᠢ ᠶᠢᠨ ᠫᠢᠩ ᠨᠥᠬᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ | ᠰᠡᠳᠦᠪᠲᠦ ᠰᠣᠷᠭᠠᠨ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ﹀﹀ ᠶᠢᠨ ᠵᠣᠷᠢᠭ ᠰᠠᠨᠠᠭ᠎ᠠ᠂ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︿︿ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠰᠣᠷᠠᠭᠠᠨ ᠬᠥᠮᠦᠵᠢᠯ ᠳᠤᠮᠳᠠ ᠺᠠᠳ᠋ᠷ ᠤᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠠᠵᠢᠯ ᠢ ᠥᠷᠨᠢᠭᠦᠯᠬᠦ | ᠲᠤᠬᠠᠢ ᠲᠥᠰᠦᠯ 》 ᠤᠨ ᠲᠤᠬᠠᠢ ᠮᠡᠳᠡᠭᠳᠡᠯ᠂ ︿︿ᠰᠦᠨ ᠱᠤᠤ ᠴᠧᠩ ᠤᠨ ᠪᠦᠬᠦ ᠣᠷᠣᠨ ᠤ ᠤᠳᠤᠷᠢᠳᠬᠤ ᠺᠠᠳ᠋ᠷ | ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠡᠭᠡᠷᠡᠬᠢ ᠶᠠᠷᠢᠶ᠎ᠠ﹀﹀ ᠶᠢᠨ ᠮᠡᠳᠡᠭᠳᠡᠯ᠂ ︿︿ | ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠬᠡᠷᠡᠭᠯᠡᠬᠦ ᠬᠤᠷᠠᠯ ᠳᠡᠭᠡᠷᠡᠬᠢ ᠶᠠᠷᠢᠶ᠎ᠠ﹀﹀ ᠵᠡᠷᠭᠡ ᠠᠭᠤᠯᠭ᠎ᠠ ᠶᠢ | ᠣᠯᠠᠮᠵᠢᠯᠠᠨ ᠰᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ | ᠭᠤᠣᠯ ᠰᠡᠳᠦᠪᠲᠦ ᠰᠣᠷᠭᠠᠨ ᠬᠦᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠭᠤᠰᠢᠯᠠᠭᠤᠯᠵᠦ᠂ ᠪᠦᠬᠦ ᠨᠠᠮ ᠤᠨ | ᠬᠡᠪᠴᠢᠶᠡᠨ ᠳᠤ ᠭᠤᠣᠯ ᠰᠡᠳᠦᠪᠲᠦ ᠰᠣᠷᠭᠠᠨ ᠬᠥᠮᠦᠵᠢᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ | ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠵᠣᠷᠢᠭ ᠰᠠᠨᠠᠭᠠᠨ ᠤ ᠮᠥᠨ ᠴᠢᠨᠠᠷ ᠪᠠ ᠭᠦᠨ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠣᠶᠢᠯᠠᠭᠠᠵᠤ᠂ | ᠲᠠᠨᠢᠯᠲᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠡᠷᠡᠰ ᠪᠠᠲᠤ ᠬᠦᠰᠡᠯᠡᠩ᠂ ᠨᠠᠮᠴᠢ | ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢᠶᠠᠨ ᠠᠬᠢᠭᠤᠯᠬᠤ | ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠠᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ | ᠭᠤᠤᠯᠯᠠᠬᠤ ᠳᠤᠭᠤᠶᠢᠯᠠᠩ ᠤᠨ ᠭᠡᠰᠢᠭᠦᠳ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ | ᠭᠤᠣᠯ ᠰᠡᠳᠦᠪᠲᠦ ᠰᠣᠷᠭᠠᠨ ᠬᠥᠮᠦᠵᠢᠯ ᠳᠤ ᠲᠣᠭᠲᠠᠭᠠᠭᠰᠠᠨ 8 ᠵᠦᠢᠯ ᠤᠨ ᠰᠤᠷᠤᠯᠴᠠᠬᠤ ᠮᠠᠲ᠋ᠧᠷᠢᠶᠠᠯ ᠢᠶᠠᠷ | ᠥᠪᠡᠷ ᠢᠶᠠᠨ ᠰᠤᠷᠤᠯᠴᠠᠬᠤ ᠠᠭᠤᠯᠭ᠎ᠠ ᠪᠣᠯᠭᠠᠵᠤ᠂ ᠭᠦᠨᠵᠡᠭᠡᠢ ᠰᠤᠷᠤᠯᠴᠠᠬᠤ ᠬᠡᠷᠡᠭᠲᠡᠢ ᠭᠡᠵᠡᠢ᠃ | | |