ᠠᠶᠢᠷᠠᠭ ᠴᠠᠭ᠎ᠠ ᠴᠡᠮᠴᠡᠭᠡᠨᠡᠭᠰᠡᠨ ᠠᠯᠲᠠᠨ ᠨᠠᠮᠤᠷ ᠤᠨ ᠤᠯᠠᠷᠢᠯ ᠢᠶᠠᠷ ᠰᠠᠭᠠᠯᠢᠴᠢᠨ ᠪᠦᠰᠡᠭᠦᠶᠢᠴᠦᠳ ᠤᠨ | ᠰᠠᠭᠠᠯᠢ ᠶᠢᠨ ᠦᠢᠯᠡᠰ ᠤᠨ ᠤᠷᠮ᠎ᠠ ᠶᠢ ᠬᠥᠪᠴᠢᠯᠡᠨ᠂ ᠪᠣᠳᠠᠰ ᠤᠨ ᠪᠣᠰᠤ ᠰᠤᠶᠤᠯ ᠤᠨ ᠥᠪ ᠢᠶᠠᠷ ᠬᠥᠳᠡᠭᠡ | ᠲᠤᠰᠬᠤᠨ ᠤ ᠰᠡᠷᠭᠦᠨ ᠮᠠᠨᠳᠤᠯᠲᠠ ᠳᠤ ᠬᠦᠴᠦ ᠨᠡᠮᠡᠷᠢᠯᠡᠵᠦ᠂ ᠤᠯᠠᠮᠵᠢᠯᠯᠠᠲᠤ ᠴᠠᠭᠠᠨ ᠢᠳᠡᠭᠡᠨ ᠤ ᠥᠪᠯᠡᠨ | ᠤᠯᠠᠮᠵᠢᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ | 10 ᠤ ᠡᠳᠦᠷ᠂ ᠳᠠᠭᠤᠲᠤᠨᠠᠭᠤᠷ ᠪᠠᠯᠭᠠᠰᠤ ᠶᠢᠨ ᠪᠠᠶᠠᠨᠲᠤᠭ ᠭᠠᠴᠠᠭ᠎ᠠ ᠪᠠᠷ ᠨᠤᠲᠤᠭᠲᠠᠢ ᠬᠤᠰᠢᠭᠤ ᠳᠡᠰ ᠤᠨ | ᠪᠤᠳᠠᠰ ᠤᠨ ᠪᠣᠰᠤ ᠰᠤᠶᠤᠯ ᠤᠨ ᠥᠪ ᠤᠨ ︽ᠦᠵᠦᠮᠦᠴᠢᠨ ᠴᠠᠭᠠᠨ ᠢᠳᠡᠭᠡ ᠬᠢᠬᠦ ᠮᠡᠷᠭᠡᠵᠢᠯ — ᠦᠷᠦᠮ᠎ᠡ | ᠬᠦᠭᠡᠷᠦᠭᠦᠯᠬᠦ ᠮᠡᠷᠭᠡᠵᠢᠯ︾ ᠤᠨ ᠥᠪᠯᠡᠨ ᠤᠯᠠᠮᠵᠢᠯᠠᠭᠴᠢ ᠬᠦᠨᠳᠦᠰᠡᠩ ᠠᠴᠠ ᠠᠩᠬᠠᠳᠤᠭᠠᠷ ᠤᠳᠠᠭᠠᠨ ᠤ ︽ᠮᠦᠩᠬᠡ | ᠴᠠᠭᠠᠨ ᠢᠳᠡᠭᠡᠨ︾ ᠨᠡᠷᠡᠮᠵᠢᠳᠦ ᠤᠯᠠᠮᠵᠢᠯᠯᠠᠲᠤ ᠴᠠᠭᠠᠨ ᠢᠳᠡᠭᠡᠨ ᠤ ᠤᠷᠤᠯᠳᠤᠭᠠᠨ ᠢ ᠪᠡᠶᠡᠴᠢᠯᠡᠨ ᠡᠷᠬᠢᠯᠡᠵᠦ᠂ | ᠬᠤᠰᠢᠭᠤ ᠬᠠᠩᠭᠠᠨ ᠪᠤᠷᠤᠯᠠᠭᠤᠯᠬᠤ ᠬᠤᠷᠰᠢᠶᠠᠨ ᠤ ᠬᠤᠯᠪᠤᠭᠠᠲᠤ ᠬᠤᠷᠰᠢᠶ᠎ᠠ᠂ ᠬᠤᠰᠢᠭᠤ ᠰᠣᠶᠣᠯ ᠤᠨ ᠤᠷᠳᠤᠨ᠂ | ᠳᠠᠭᠤᠲᠤᠨᠠᠭᠤᠷ ᠪᠠᠯᠭᠠᠰᠤᠨ ᠤ ᠪᠠᠶᠠᠨᠳᠤᠭ ᠭᠠᠴᠠᠭᠠᠨ ᠠᠴᠠ ᠬᠠᠮᠵᠢᠯᠴᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ | ᠲᠣᠰ ᠤᠳᠠᠭᠠᠨ ᠤ ᠤᠯᠠᠮᠵᠢᠯᠠᠯᠲᠤ ᠴᠠᠭᠠᠨ ᠢᠳᠡᠭᠡᠨ ᠤ ᠤᠷᠤᠯᠳᠤᠭᠠᠨ ᠳᠤ ᠪᠦᠬᠦ ᠬᠤᠰᠢᠭᠤᠨ ᠤ ᠬᠥᠳᠡᠭᠡ | ᠣᠷᠣᠨ ᠨᠤᠲᠤᠭ ᠲᠤ ᠪᠠᠨ ᠪᠠᠶᠢᠭ᠎ᠠ70 ᠭᠠᠷᠤᠢ ᠮᠠᠯᠴᠢᠨ ᠡᠷᠦᠬᠡ ᠤᠷᠤᠯᠴᠠᠵᠦ᠂ ᠪᠡᠯᠡᠳᠬᠡᠯ ᠤᠷᠤᠯᠳᠤᠭᠠᠨ ᠪᠣᠯᠣᠨ | ᠰᠢᠢᠳᠪᠦᠷᠢᠳᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠦ᠂ ᠪᠡᠯᠡᠳᠬᠡᠯ ᠣᠷᠣᠯᠳᠤᠭᠠᠨ ᠢᠶᠠᠷ ᠤᠯᠠᠮᠵᠢᠯᠯᠠᠲᠤ | ᠴᠠᠭᠠᠨ ᠢᠳᠡᠭᠡ ᠬᠢᠵᠦ ᠪᠠᠶᠢᠭ᠎ᠠ ᠶᠠᠪᠤᠴᠠ ᠶᠢ ᠳᠦᠷᠰᠦ ᠪᠢᠴᠢᠯᠭᠡ ᠪᠠᠷ ᠰᠡᠭᠦᠳᠡᠷᠯᠡᠨ ᠦᠵᠡᠭᠦᠯᠵᠦ᠂ ᠨᠢᠭᠡ ᠡᠳᠦᠷ ᠤᠨ | ᠲᠤᠷᠰᠢᠬᠢ ᠬᠢᠨᠠᠨ ᠰᠢᠯᠭᠠᠷᠠᠭᠤᠯᠤᠯᠲᠠ ᠪᠠᠷ ᠳᠠᠮᠵᠢᠨ ᠡᠮᠦᠨ᠎ᠡ 16 ᠨᠡᠷᠡᠰ ᠢ ᠰᠢᠢᠳᠪᠦᠷᠢᠳᠦ ᠤᠷᠤᠯᠳᠤᠭᠠᠨ ᠳᠤ | ᠣᠷᠣᠯᠴᠠᠭᠤᠯᠵᠤ᠂ ᠲᠤᠬᠠᠢ ᠶᠢᠨ ᠲᠠᠯᠠᠪᠤᠷ ᠲᠤ ᠨᠢ ᠬᠢᠨᠠᠨ ᠰᠢᠯᠭᠠᠷᠠᠭᠤᠯᠤᠭᠰᠠᠨ ᠪᠠᠶᠢᠨ᠎ᠠ᠃ | ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠴᠠᠭᠰᠠᠳ ᠤᠨ ᠨᠠᠷᠢᠨ ᠨᠢᠮᠪᠠᠢ ᠪᠡᠯᠡᠳᠬᠡᠭᠰᠡᠨ ᠬᠤᠷᠤᠳ᠂ | ᠰᠢᠷ᠎ᠠ ᠲᠣᠰᠣ᠂ ᠥᠷᠦᠮ᠎ᠡ᠂ ᠵᠦᠭᠡᠭᠡᠢ᠂ ᠵᠦᠴᠦᠬᠡᠢ ᠵᠡᠷᠭᠡ ᠤᠯᠠᠨ ᠲᠦᠷᠦᠯ ᠤᠨ ᠤᠯᠠᠮᠵᠢᠯᠠᠯᠲᠤ ᠴᠠᠭᠠᠨ ᠢᠳᠡᠭᠡ | ᠬᠦᠮᠦᠰ ᠤᠨ ᠬᠠᠷᠠᠭ᠎ᠠ ᠶᠢ ᠪᠠᠶᠠᠰᠬᠠᠨ ᠳᠤᠷ᠎ᠠ ᠶᠢ ᠪᠤᠯᠢᠶᠠᠵᠦ᠂ ᠰᠠᠭᠠᠯᠢᠴᠢᠨ ᠪᠦᠰᠡᠭᠦᠶᠢᠴᠦᠳ ᠤᠨ ᠤᠷ᠎ᠠ ᠡᠷᠳᠡᠮ ᠢ | ᠭᠦᠢᠴᠡᠳ ᠬᠠᠷᠠᠭᠤᠯᠵᠠᠢ᠃ ᠲᠣᠰᠬᠠᠢ ᠬᠢᠨᠠᠭᠴᠢᠳ ᠠᠴᠠ ᠴᠠᠭᠠᠨ ᠢᠳᠡᠭᠡᠨ ᠤ ᠦᠨᠦᠷ ᠠᠮᠲᠠ᠂ ᠦᠩᠭᠡ᠂ ᠬᠡᠯᠪᠡᠷᠢ | ᠳᠦᠷᠰᠦ ᠪᠠ ᠲᠠᠪᠠᠭ ᠵᠠᠰᠠᠭᠰᠠᠨ ᠪᠠᠶᠢᠳᠠᠯ ᠢᠶᠠᠷ ᠬᠤᠪᠢ ᠣᠯᠭᠤᠨ ᠰᠢᠯᠭᠠᠷᠠᠭᠤᠯᠵᠤ᠂ ᠨᠢᠭᠡᠳᠦᠭᠡᠷ ᠳᠡᠰ ᠲᠤ ᠨᠢᠭᠡ | ᠨᠡᠷ᠎ᠡ᠂ ᠬᠤᠶᠠᠳᠤᠭᠠᠷ ᠳᠡᠰ ᠲᠤ ᠬᠤᠶᠠᠷ ᠨᠡᠷ᠎ᠡ᠂ ᠭᠤᠷᠪᠠᠳᠤᠭᠠᠷ ᠳᠡᠰ ᠲᠤ ᠭᠤᠷᠪᠠᠨ ᠨᠡᠷ᠎ᠡ᠂ ᠰᠢᠯᠢᠳᠡᠭ ᠲᠡᠰ ᠲᠤ | ᠠᠷᠪᠠᠨ ᠨᠡᠷᠡᠰ ᠢ ᠰᠢᠯᠭᠠᠷᠠᠭᠤᠯᠤᠨ ᠱᠠᠩᠨᠠᠵᠤ᠂ ᠤᠷᠤᠯᠳᠤᠭᠠᠨ ᠳᠤ ᠤᠷᠤᠯᠴᠠᠭᠰᠠᠨ ᠢᠳᠡᠪᠬᠢᠳᠡᠳ ᠲᠤ ᠪᠠᠨ | ᠳᠤᠷᠠᠰᠬᠠᠯ ᠤᠨ ᠦᠨᠡᠮᠯᠡᠯ ᠭᠠᠷᠳᠠᠭᠤᠯᠵᠤ ᠵᠤᠷᠢᠭᠵᠢᠭᠤᠯᠤᠭᠰᠠᠨ ᠪᠠᠶᠢᠨ᠎ᠠ᠃ | ︽ᠭᠠᠵᠠᠷ ᠪᠣᠯᠭᠠᠨ ᠳᠤ ᠰᠦ ᠪᠠᠶᠢᠳᠠᠭ ᠴᠤ ᠭᠠᠭᠴᠠᠬᠠᠨ ᠮᠤᠩᠭᠤᠯ ᠳᠤ ᠦᠷᠦᠮ᠎ᠡ ᠰᠠᠭᠤᠳᠠᠭ︾ ᠭᠡᠳᠡᠭ ᠢᠶᠠᠷ | ᠴᠠᠭᠠᠨ ᠢᠳᠡᠭᠡᠨ᠊ ᠢ ᠮᠤᠩᠭᠤᠯᠴᠤᠳ ᠤᠨ ᠢᠳᠡᠭᠡᠨ ᠤ ᠳᠡᠭᠡᠵᠢ ᠪᠣᠯᠬᠤ ᠶᠤᠮ᠃ ᠠᠩᠬᠠᠳᠤᠭᠠᠷ ᠤᠳᠠᠭᠠᠨ ᠤ ︽ | ᠮᠦᠩᠬᠡ ᠴᠠᠭᠠᠨ ᠢᠳᠡᠭᠡᠨ︾ ᠨᠡᠷᠡᠮᠵᠢᠳᠦ ᠤᠯᠠᠮᠵᠢᠯᠯᠠᠲᠤ ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠤᠯᠲᠠ ᠨᠢ | ᠰᠠᠭᠠᠯᠢᠴᠢᠨ ᠪᠦᠰᠡᠭᠦᠶᠢᠴᠦᠳ ᠤᠨ ᠣᠶᠣᠨ ᠤᠬᠠᠭᠠᠨ᠂ ᠤᠷ᠎ᠠ ᠬᠦᠳᠡᠯᠮᠦᠷᠢ ᠶᠢ ᠰᠣᠷᠢᠵᠦ᠂ ᠤᠯᠠᠮᠵᠢᠯᠯᠠᠲᠤ ᠴᠠᠭᠠᠨ | ᠢᠳᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠵᠤ᠂ ᠪᠤᠳᠠᠰ ᠤᠨ ᠪᠣᠰᠤ ᠰᠤᠶᠤᠯ ᠤᠨ ᠥᠪ ᠢᠶᠠᠷ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | |