ᠪᠦᠬᠦ ᠬᠤᠰᠢᠭᠤᠨ ᠤ 39 ᠳᠠᠬᠢ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/21
      9 ᠰᠠᠷ᠎ᠠ ᠶᠢᠨ 8 ᠤ ᠡᠳᠦᠷ᠂ 39 ᠳᠠᠬᠢ ᠪᠠᠭᠰᠢ ᠶᠢᠨ ᠪᠠᠶᠠᠷ ᠢ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ 39 ᠳᠠᠬᠢ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ  ᠬᠤᠷᠠᠯᠳᠣᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠠᠪᠠ᠃      ᠬᠤᠷᠠᠯ ᠠᠴᠠ ︽2022 ︱ 2023 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ  ᠤᠨ ᠲᠡᠷᠢᠭᠦᠨ ᠤ ᠬᠠᠮᠲᠤ ᠨᠡᠶᠢᠲᠡ ᠪᠠ ᠰᠢᠯᠢᠳᠡᠭ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ ︾ ᠢ ᠤᠩᠰᠢᠨ ᠨᠡᠶᠢᠲᠡᠯᠡᠵᠦ᠂ 2022 ︱ 2023 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠ ᠰᠢᠯᠢᠳᠡᠭ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃      ᠬᠤᠷᠠᠯ ᠳᠡᠭᠡᠷ᠎ᠡ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠡᠶᠢᠲᠡ ᠶᠢᠨ ᠲᠥᠯᠥᠭᠡᠯᠡᠭᠴᠢ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠴᠧᠨ ᠮᠢᠩ ᠪᠦᠦ᠂ ᠰᠢᠯᠢᠳᠡᠭ ᠠᠩᠭᠢ ᠶᠢᠨ ᠡᠷᠬᠢᠯᠡᠭᠴᠢ ᠶᠢᠨ ᠲᠥᠯᠥᠭᠡᠯᠡᠭᠴᠢ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠸᠧᠨ ᠬᠤᠸᠠ ᠠᠴᠠ ᠲᠤᠰ ᠲᠤᠰ ᠶᠠᠷᠢᠶ᠎ᠠ ᠲᠠᠯᠪᠢᠵᠠᠢ  ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠭᠦᠢᠴᠡᠳ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠳᠣᠭᠤᠰᠢᠯᠠᠭᠤᠯᠵᠦ  ᠂ ᠶᠣᠰᠣ ᠮᠣᠷᠠᠯ ᠢ ᠪᠤᠶ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︿︿ᠲᠠᠪᠤᠨ ᠶᠡᠭᠡ ᠡᠭᠦᠷᠭᠡ﹀﹀ ᠪᠣᠯᠤᠨ ︿︿ᠵᠢᠱᠢᠶᠡᠴᠢ ᠥᠪᠡᠷᠲᠡᠭᠡᠨ ᠵᠠᠰᠠᠬᠤ ᠣᠷᠣᠨ﹀﹀ ᠢ ᠪᠥᠬᠦ ᠲᠠᠯ᠎ᠠ  ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ  ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠣᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠨ᠂ ᠠᠷᠠᠳ ᠲᠦᠮᠡᠨ ᠳᠤ ᠦᠨᠡᠨ ᠬᠦ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ  ᠶᠢᠨ ᠲᠥᠯᠥᠭᠡ ᠴᠥᠬᠦᠷᠡᠰᠢ ᠥᠬᠡᠶ  ᠴᠢᠷᠮᠠᠶᠢᠬᠤ ᠬᠡᠷᠡᠭᠲᠠᠢ ᠭᠡᠵᠡᠢ᠃      ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠤᠨ ᠵᠤᠷᠢᠭᠲᠦ ᠪᠠᠭᠰᠢ  ᠠᠴᠠ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠳᠣᠭᠤᠰᠢᠯᠠᠭᠤᠯᠵᠦ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠠᠵᠢᠯ ᠢ ᠪᠣᠳᠠᠲᠠᠢ ᠰᠠᠶᠢᠲᠤᠷ ᠠᠳᠬᠤᠬᠤ︾ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠡᠢ᠃      ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号